ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠣᠣᠮᠧᠨ ᠳᠤ ᠶᠠᠪᠤᠭᠳᠠᠪᠠ  ᠰᠢ  ᠶᠢᠨ ᠫᠢᠩ ᠦᠳᠡᠰᠢᠯᠡᠭᠡ ᠶᠢ ᠰᠣᠨᠢᠷᠬᠠᠪᠠ
ᠨᠡᠶᠢᠲᠡᠯᠡᠭᠰᠡᠨ ᠴᠠᠭ᠄
2024/12/25
                    ᠨᠡᠶᠢᠲᠡᠯᠡᠭᠰᠡᠨ ᠴᠠᠭ᠄ 2024/12/23         ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ   ᠴᠡᠩᠭᠡᠭ ᠳᠠᠯᠠᠢ ᠳᠤ ᠳᠠᠷᠪᠠᠭᠤᠯ ᠬᠡᠶᠢᠰᠬᠡᠨ ᠰᠠᠯᠬᠢ ᠶᠢ ᠲᠠᠭᠠᠨ  ᠡᠷᠴᠢᠮᠲᠡᠢ ᠤᠷᠤᠭᠰᠢᠯᠠᠵᠤ᠂ ᠬᠤᠤᠵᠢᠶᠠᠩ ᠮᠥᠷᠡᠨ ᠤ ᠬᠥᠪᠡᠭᠡᠨ᠎ᠡ ᠪᠠᠶᠠᠷᠲᠤ ᠳᠠᠭᠤᠤ ᠬᠠᠩᠭᠢᠨᠠᠨ ᠢᠷᠡᠭᠡᠳᠦᠢ ᠪᠠᠨ ᠳᠠᠯᠠᠯᠤᠨ᠎ᠠ᠃ ᠣᠣᠮᠧᠨ ᠤ ᠡᠬᠡ ᠤᠯᠤᠰ ᠲᠠᠭᠠᠨ  ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ 19 ᠤ ᠣᠷᠣᠢ ᠣᠣᠮᠧᠨ ᠤ ᠵᠡᠭᠦᠨ ᠠᠽᠢᠶ᠎ᠠ ᠶᠢᠨ ᠲᠠᠮᠢᠷ ᠤᠨ ᠴᠤᠭᠯᠠᠭᠠᠨ ᠤ  ᠲᠠᠮᠢᠷ ᠤᠨ ᠣᠷᠳᠣᠨ ᠳᠤ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠣᠬᠯᠠᠯᠲᠠ ᠶᠢ ᠰᠣᠨᠢᠷᠬᠠᠪᠠ᠃    
澳门文艺晚会.jpg    12 ᠰᠠᠷ᠎ᠠ ᠶᠢᠨ 19 ᠤ ᠣᠷᠣᠢ᠂ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ
ᠪᠡᠯᠭᠡᠯᠡᠬᠦ ᠤᠷᠠᠨ ᠰᠠᠶᠢᠬᠠᠨ ᠤ  ᠦᠳᠡᠰᠢᠯᠡᠭᠡ ᠣᠣᠮᠧᠨ ᠤ ᠵᠡᠭᠦᠨ ᠠᠽᠢᠶ᠎ᠠ ᠶᠢᠨ ᠲᠠᠮᠢᠷ ᠤᠨ ᠴᠤᠭᠯᠠᠭᠠᠨ ᠤ ᠲᠠᠮᠢᠷ ᠤᠨ ᠣᠷᠳᠣᠨ ᠳᠤ ᠶᠠᠪᠤᠭᠳᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ  ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ  ᠲᠤᠬᠯᠠᠯᠳᠠ ᠶᠢ ᠰᠣᠨᠢᠷᠬᠠᠪᠠ᠃ ᠦᠳᠡᠰᠢᠯᠡᠭᠡ ᠶᠢᠨ ᠡᠴᠦᠰ ᠲᠤ ᠰᠢ ᠶᠢᠨ ᠫᠢᠩ ᠪᠦᠭᠦ ᠲᠠᠯᠠᠪᠠᠢ ᠶᠢᠨ ᠦᠵᠡᠭᠴᠢᠳ ᠲᠠᠢ ᠬᠠᠮᠲᠤ ᠪᠠᠷ ︽ᠡᠬᠡ ᠤᠯᠤᠰ ᠢᠶᠠᠨ  ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠪᠠ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠳ᠋ᠢᠩ ᠯᠢᠨ  ᠰᠡᠭᠦᠳᠡᠷᠯᠡᠪᠡ           ᠲᠣᠬᠯᠠᠯᠲᠠ ᠶᠢᠨ ᠠᠬᠤᠢ ᠲᠠᠯᠠᠪᠠᠢ ᠳᠤ ᠳ᠋ᠧᠩ ᠤᠨ ᠭᠡᠷᠡᠯ ᠳᠤᠸᠠᠯᠠᠵᠤ᠂ ᠪᠠᠶᠠᠷ ᠭᠦᠷ ᠢᠶᠠᠷ ᠪᠢᠯᠬᠠᠨ᠎ᠠ᠃ 20 ᠴᠠᠭ ᠤᠨ ᠦᠶ᠎ᠡ ᠪᠠᠷ᠂ ᠪᠠᠶᠠᠷ  ᠪᠠᠶᠠᠰᠬᠤᠯᠠᠩᠲᠠᠢ ᠠᠶ᠎ᠠ ᠳᠤᠮᠳᠠ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ  ᠳᠠᠷᠤᠭ᠎ᠠ ᠾᠧ ᠢ ᠴᠧᠩ ᠪᠣᠯᠣᠨ ᠲᠡᠭᠦᠨ ᠤ ᠬᠠᠳᠤᠨ ᠵᠧᠩ ᠰᠦ᠋ ᠵᠧᠨ ᠤ ᠪᠠᠷ᠎ᠠ ᠪᠤᠯᠤᠯᠭ᠎ᠠ ᠲᠠᠢ ᠪᠠᠷ ᠦᠳᠡᠰᠢᠯᠡᠭᠡ ᠶᠢᠨ ᠠᠬᠤᠢ ᠲᠠᠯᠠᠪᠠᠢ ᠳᠤ ᠠᠯᠬᠤᠨ ᠣᠷᠣᠪᠠ᠃  ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ ᠠᠯᠠᠭ᠎ᠠ ᠲᠠᠰᠢᠵᠤ᠂ ᠬᠠᠯᠠᠭᠤᠨ ᠢᠶᠠᠷ ᠤᠭᠲᠤᠪᠠ᠃          ᠲᠠᠶᠢᠰᠠᠨ ᠳᠡᠭᠡᠷ᠎ᠡ ᠠᠯᠲᠠᠨ ᠯᠢᠩᠬᠤ᠎ᠠ ᠥᠩᠭᠡ ᠢᠯᠭᠠᠷᠠᠨ ᠳᠡᠯᠭᠡᠷᠡᠵᠦ᠂ ︽ᠪᠢ ᠡᠬᠡ ᠤᠯᠤᠰ ᠲᠠᠢ ᠪᠠᠨ︾᠂ ︽ᠨᠣᠶᠢᠷ ᠦᠭᠡᠢ ᠦᠳᠡᠰᠢ︾ ᠭᠡᠬᠦ ᠠᠶ᠎ᠠ  ᠬᠠᠩᠭᠢᠨᠠᠯ᠎ᠠ᠃ ︽ᠲᠤᠯᠤᠭᠠᠨ ᠬᠡᠦᠬᠡᠳ ᠤᠨ ᠳᠠᠭᠤᠯᠠᠯ︾ ᠤᠨ ᠤᠶᠠᠬᠠᠨ ᠠᠶ᠎ᠠ ᠳᠤᠮᠳᠠ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ ᠣᠣᠮᠧᠨ ᠤ ᠬᠤᠳᠠ ᠶᠢᠨ  ᠠᠷᠠᠳ ᠤᠨ ᠲᠥᠯᠥᠭᠡᠯᠡᠭᠴᠢ ᠣᠣᠮᠧᠨ ᠲᠠᠢ ᠬᠠᠮᠲᠤ ᠪᠠᠷ ᠦᠰᠦᠨ ᠪᠣᠶᠢᠵᠢᠭᠰᠠᠨ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢᠶᠠᠨ ᠤᠶᠠᠩᠭᠠᠯᠠᠨ  ᠢᠯᠡᠳᠬᠡᠪᠡ᠃ ᠵᠠᠯᠠᠭᠤ ᠨᠠᠰᠤᠨ ᠤ ᠳᠠᠭᠤᠯᠠᠯᠳᠤ ᠪᠥᠵᠢᠭ ︽ᠣᠣᠮᠧᠨ ᠲᠠ ᠰᠠᠶᠢᠨ ᠪᠠᠶᠢᠨ᠎ᠠ ᠦᠦ︾ ᠨᠢ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ  ᠠᠮᠢᠰᠬᠤᠯ ᠢ ᠢᠯᠡᠷᠡᠭᠦᠯᠵᠦ᠂ ᠬᠥᠭᠵᠢᠮ ᠤᠨ ᠲᠣᠬᠯᠠᠯᠲᠠ ︽ᠴᠡᠩᠭᠡᠭ ᠳᠠᠯᠠᠢ ᠶᠢᠨ ᠰᠢᠨ᠎ᠡ ᠡᠭᠡᠰᠢᠭᠯᠡᠩ︾ ᠨᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ  ᠪᠤᠯᠤᠩ ᠤᠨ ᠣᠷᠣᠨ ᠤ ᠵᠢᠷᠤᠭ ᠲᠥᠰᠥᠪ ᠢ ᠵᠢᠷᠤᠭᠯᠠᠪᠠ᠃ ᠳᠠᠭᠤᠤ ᠬᠥᠭᠵᠢᠮ ᠤᠨ ᠣᠬᠤᠷ ᠵᠦᠴᠦᠭᠡ ︽︿AI﹀ ᠾᠧᠩ ᠴᠢᠨ ᠳᠤ ᠳᠡᠯᠭᠡᠷᠡᠪᠡ︾ ᠨᠢ  ᠣᠣᠮᠧᠨ ᠤ ᠰᠠᠭᠤᠭᠠᠯᠢ ᠠᠷᠠᠳ ᠤᠨ ᠬᠠᠷᠠᠭᠠᠰᠤ ᠠᠴᠠ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠥᠷᠨᠢᠭᠦᠨ  ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠭᠤᠸᠠᠩᠳᠦ᠋ᠩ ᠤᠨ ᠳᠠᠭᠤᠤ ︽ᠯᠢᠩᠬᠤ᠎ᠠ ᠴᠡᠴᠡᠭ · ᠲᠡᠷᠭᠡᠯ ᠰᠠᠷᠠᠨ ᠲᠠᠯᠠᠢ ᠶᠢᠨ ᠬᠥᠪᠡᠭᠡᠨ᠎ᠡ ᠮᠠᠨᠳᠤᠨᠠᠮ︾  ᠨᠢ ᠤᠯᠠᠮᠵᠢᠯᠠᠯᠲᠤ ᠭᠤᠸᠠᠩᠳᠦ᠋ᠩ ᠵᠦᠴᠦᠭᠡ᠂ ᠳᠠᠭᠤᠤ ᠪᠥᠵᠢᠭ ᠢ ᠠᠭᠤᠰᠤᠯᠴᠠᠭᠤᠯᠵᠤ᠂ ᠡᠶ᠎ᠡ ᠵᠣᠬᠢᠴᠠᠩᠭᠤᠢ ᠵᠣᠯ ᠵᠢᠷᠭᠠᠯᠲᠤ ᠣᠣᠮᠧᠨ ᠢ ᠪᠦᠲᠦᠭᠡᠨ ᠪᠠᠶᠢᠭᠤᠯᠬᠤ  ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠳᠬᠡᠵᠦ᠂ ᠪᠥᠵᠢᠭ ︽ᠠᠷᠰᠯᠠᠨ ᠪᠥᠵᠢᠭᠯᠡᠭᠦᠯᠦᠭᠰᠡᠨ ᠳᠣᠷᠣᠨᠠᠳᠠᠬᠢᠨ︾ ᠪᠣᠯᠣᠨ ᠳᠠᠭᠤᠤ ︽ᠤᠳᠤᠮ ᠤᠯᠠᠮᠵᠢᠯᠠᠯ︾ ᠨᠢ  ᠰᠣᠶᠣᠯ ᠤᠨ ᠤᠯᠠᠮᠵᠢᠯᠠᠯ ᠬᠥᠭᠵᠢᠯᠲᠡ ᠶᠢᠨ ᠤᠬᠠᠮᠰᠠᠷᠲᠤ ᠢᠲᠡᠭᠡᠯ ᠢ ᠢᠯᠡᠷᠡᠭᠦᠯᠪᠡ᠃ ᠦᠵᠡᠭᠳᠡᠯᠲᠦ ᠵᠦᠴᠦᠭᠡ ︽ᠡᠬᠡ ᠤᠯᠤᠰ ᠲᠠᠢ ᠪᠠᠨ ᠬᠠᠮᠲᠤ ᠦᠰᠦᠨ  ᠪᠣᠶᠢᠵᠢᠨᠠᠮ︾ ᠨᠢ ᠰᠢᠨ᠎ᠡ ᠴᠠᠭ ᠦᠶ᠎ᠡ ᠶᠢᠨ ᠣᠣᠮᠧᠨ ᠤ ᠬᠥᠭᠵᠢᠯᠲᠡ ᠶᠢᠨ ᠰᠡᠳᠬᠢᠯ ᠳᠣᠭᠳᠣᠯᠤᠭᠤᠯᠤᠮ᠎ᠠ ᠴᠠᠭ ᠮᠥᠴᠡ ᠶᠢ ᠠᠮᠢᠳᠤᠯᠢᠭ ᠢᠶᠠᠷ ᠢᠯᠡᠷᠡᠭᠦᠯᠵᠦ᠂  ᠨᠠᠶᠢᠷᠠᠯ ᠳᠠᠭᠤᠤ ︽ᠡᠬᠡ ᠤᠯᠤᠰ ᠲᠠᠨ ᠳᠠᠭᠠᠨ ᠪᠢ ᠬᠠᠶᠢᠷᠠᠲᠠᠢ︾ ᠨᠢ ᠣᠣᠮᠧᠨ ᠤ ᠠᠬ᠎ᠠ ᠳᠡᠭᠦᠦ ᠨᠠᠷ ᠤᠨ ᠡᠬᠡ ᠤᠯᠤᠰ ᠤᠨ ᠢᠶᠠᠨ ᠲᠤᠬᠠᠢ ᠴᠢᠩ ᠦᠨᠡᠨᠴᠢ  ᠬᠠᠶᠢᠷ᠎ᠠ ᠰᠡᠳᠬᠢᠯᠭᠡ ᠶᠢ ᠢᠯᠡᠳᠬᠡᠵᠡᠢ᠃ ᠪᠦᠭᠦᠶᠢᠯᠡ ᠦᠳᠡᠰᠢᠯᠡᠭᠡ ᠭᠤᠶᠢᠳᠠ ᠰᠠᠶᠢᠬᠠᠨ ᠶᠠᠪᠤᠭᠳᠠᠵᠤ᠂ ᠦᠵᠡᠭᠴᠢᠳ ᠤᠨ ᠨᠢᠵᠢᠭᠢᠨᠡᠭᠰᠡᠨ ᠠᠯᠠᠭ᠎ᠠ ᠲᠡᠰᠢᠯᠲᠡ ᠪᠣᠯᠣᠨ  ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃          ᠦᠳᠡᠰᠢᠯᠡᠭᠡ ᠶᠢᠨ ᠡᠴᠦᠰ ᠲᠤ ᠰᠢ ᠶᠢᠨ ᠫᠢᠩ ᠪᠦᠭᠦ ᠲᠠᠯᠠᠪᠠᠢ ᠶᠢᠨ ᠦᠵᠡᠭᠴᠢᠳ ᠲᠠᠢ ᠬᠠᠮᠲᠤ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ  ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠵᠦ ᠪᠠᠶᠠᠵᠢᠨ ᠬᠦᠴᠦᠷᠬᠡᠭᠵᠢᠬᠦ ᠶᠢ ᠵᠥᠩᠨᠡᠵᠦ᠂ ᠣᠣᠮᠧᠨ   ᠤ         ᠮᠠᠷᠭᠠᠰᠢ  ᠨᠡᠩ ᠰᠠᠶᠢᠨ ᠰᠠᠶᠢᠬᠠᠨ ᠪᠤᠯᠬᠤ ᠶᠢ ᠵᠥᠩᠨᠡᠪᠡ᠃ ᠰᠢ ᠶᠢᠨ ᠫᠢᠩ ᠪᠦᠭᠦ ᠲᠣᠭᠯᠠᠭᠴᠢᠳ ᠪᠣᠯᠣᠨ ᠦᠵᠡᠭᠴᠢᠳ ᠲᠠᠢ ᠭᠠᠷ ᠳᠠᠯᠠᠯᠤᠨ ᠮᠡᠨᠳᠦᠴᠢᠯᠡᠬᠦ ᠳᠤ  ᠦᠳᠡᠰᠢᠯᠡᠭᠡ ᠶᠢᠨ ᠠᠭᠤᠷ ᠠᠮᠢᠰᠬᠤᠯ ᠤᠷᠭᠢᠯ ᠳᠠᠭᠠᠨ ᠬᠦᠷᠴᠦ᠂ ᠳᠠᠭᠤᠯᠠᠬᠤ ᠲᠠᠭᠤᠨ ᠪᠣᠯᠣᠨ ᠠᠯᠠᠭ᠎ᠠ ᠲᠡᠰᠢᠯᠲᠡ ᠶᠢᠨ ᠲᠠᠭᠤᠨ ᠪᠠᠶᠠᠷ ᠪᠠᠶᠠᠰᠤᠯ ᠤᠨ ᠲᠠᠯᠠᠢ  ᠪᠣᠯᠵᠤ ᠨᠡᠶᠢᠯᠡᠯᠳᠦᠯ᠎ᠡ᠃           ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠸᠠᠩ ᠰᠢᠶᠣᠣ ᠬᠤᠩ᠂ ᠸᠠᠩ ᠳ᠋ᠦᠩ ᠹᠧᠩ ᠂ ᠰᠢᠶᠠ ᠪᠦᠦ ᠯᠦᠩ ᠨᠠᠷ  ᠲᠣᠬᠯᠠᠯᠲᠠ ᠶᠢ ᠬᠠᠮᠲᠤ ᠪᠠᠷ  ᠰᠣᠨᠢᠷᠬᠠᠪᠠ᠃           ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ  ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠤᠰᠢᠶᠠᠯ ᠳᠤ ᠭᠠᠷᠬᠤ ᠪᠠᠷ ᠪᠠᠶᠢᠭ᠎ᠠ ᠵᠠᠰᠠᠭ ᠵᠠᠬᠢᠷᠭᠠᠨ ᠤ  ᠳᠠᠷᠤᠭ᠎ᠠ ᠼᠧᠨ ᠬᠤᠤ ᠬᠤᠢ᠂ ᠤᠤᠯ ᠤᠨ ᠵᠠᠰᠠᠭ ᠵᠠᠬᠢᠷᠭᠠᠨ ᠤ ᠳᠠᠷᠤᠭ᠎ᠠ ᠼᠦᠢ ᠱᠢ ᠠᠨ ᠵᠢᠴᠢ ᠣᠣᠮᠧᠨ ᠤ ᠡᠯ᠎ᠡ ᠡᠲᠡᠭᠡᠳ ᠤᠨ ᠲᠥᠯᠥᠭᠡᠯᠡᠭᠴᠢᠳ ᠪᠣᠯᠣᠨ  ᠣᠨᠴᠠ ᠤᠷᠢᠭᠰᠠᠨ ᠬᠦᠨᠳᠦᠲᠦ   ᠵᠣᠴᠢᠳ    ᠲᠣᠬᠯᠠᠯᠲᠠ ᠶᠢ ᠰᠣᠨᠢᠷᠬᠠᠵᠠᠢ᠃        ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ   
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号