12 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ | ᠱᠧᠨᠶᠠᠩ ᠤᠨ ᠰᠢᠨ ᠰᠢᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠧᠩ | ᠶᠦᠩ᠂ ᠶᠢᠨ ᠵᠢᠶᠠᠩ ᠼᠠᠢ ᠰᠢᠩ ᠴᠢᠮᠡᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ | ᠢ ᠯᠢ ᠨᠡᠷ ᠲᠠᠢ ᠵᠣᠯᠭᠠᠭᠤᠯᠤᠨ ᠵᠥᠪᠳᠡᠯᠴᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠠᠯᠪᠠᠨ ᠬᠡᠷ ᠤᠨ ᠡᠷᠬᠢᠯᠡᠭᠴᠢ ᠸᠧᠨ ᠮᠢᠩ᠂ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠭᠤᠤᠯ ᠬᠠᠷᠢᠭᠤᠴᠠᠯᠭᠠᠲᠠᠨ ᠣᠷᠣᠯᠴᠠᠵᠠᠶ᠃ | | | | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠣᠯᠣᠷ ᠰᠢᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ ᠭᠦᠸᠧ ᠲᠢᠶᠠᠨ ᠪᠦᠦ ᠬᠡᠯᠡᠬᠦ ᠳᠡᠭᠡᠨ᠂ | ᠮᠠᠨ ᠤ ᠬᠤᠰᠢᠭᠤᠨ ᠤ ᠴᠠᠬᠢᠭᠤᠷ ᠡᠯᠡᠰᠦᠨ ᠤ ᠡᠬᠢ ᠪᠠᠶᠠᠯᠢᠭ ᠡᠯᠪᠡᠭ ᠳᠡᠯᠪᠡᠭ᠂ ᠦᠢᠯᠡᠳᠪᠦᠷᠢᠯᠡᠯ ᠤᠨ | ᠡᠯᠧᠮᠧᠨ᠋ᠲ ᠤᠨ ᠳᠠᠪᠠᠭᠤᠯᠢᠭ ᠢᠯᠡᠷᠬᠡᠢ᠂ ᠪᠣᠯᠣᠷ ᠰᠢᠯ ᠤᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ | ᠪᠠᠶᠢᠭᠤᠯᠬᠤ ᠶᠢᠨ ᠤᠷᠢᠳᠠᠴᠢ ᠨᠥᠬᠦᠴᠡᠯ ᠢ ᠪᠦᠷᠢᠯᠳᠦᠭᠦᠯᠦᠭᠰᠡᠨ ᠪᠥᠭᠡᠳ ᠴᠠᠬᠢᠭᠤᠷ ᠡᠯᠡᠰᠦᠨ ᠤ ᠠᠵᠤ ᠦᠢᠯᠡᠰ ᠤᠨ | ᠬᠥᠭᠵᠢᠯᠲᠡ ᠶᠢᠨ ᠴᠢᠭᠯᠡᠯ ᠳᠤ ᠨᠡᠶᠢᠴᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠴᠢᠨᠠᠭᠰᠢᠳᠠ | ᠴᠢᠩᠭᠠᠳᠬᠠᠵᠤ᠂ ᠬᠠᠮᠲᠤᠷᠠᠯᠴᠠᠭ᠎ᠠ ᠪᠠᠨ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠳ᠋ᠧᠩ ᠶᠦᠩ ᠢᠯᠡᠷᠬᠡᠶᠢᠯᠡᠬᠦ ᠳᠡᠭᠡᠨ᠂ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ | ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠳᠤ | ᠬᠦᠴᠦᠨ ᠨᠡᠮᠡᠷᠢᠯᠡᠨ᠎ᠡ ᠭᠡᠵᠡᠶ᠃ | | |