ᠰᠢ ᠶᠢᠨ ᠫᠢᠩ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/12/26
                              ᠨᠡᠶᠢᠲᠡᠯᠡᠭᠰᠡᠨ ᠴᠠᠭ᠄ 2024/12/23         ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ   19 ᠤ ᠦᠳᠡ ᠶᠢᠨ ᠡᠮᠦᠨ᠎ᠡ ᠂ ᠳᠤᠮᠳᠠᠳᠤ ᠤᠯᠤᠰ ᠤᠨ ᠡᠪ ᠬᠠᠮᠲᠤ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ  ᠫᠢᠩ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠤᠨ ᠪᠠᠷ᠎ᠠ ᠪᠤᠯᠤᠯᠭ᠎ᠠ ᠲᠠᠢ ᠪᠠᠷ ᠾᠧᠩ ᠴᠢᠨ ᠳᠠᠬᠢ  ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠳᠤ ᠰᠢᠨᠵᠢᠯᠡᠨ ᠪᠠᠶᠢᠴᠠᠭᠠᠪᠠ᠃    
广奥深度合作区.jpg 
    19 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ᠂  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ  ᠳᠠᠷᠤᠭ᠎ᠠ ᠾᠧ ᠢ ᠴᠧᠩ ᠤᠨ ᠪᠠᠷ᠎ᠠ ᠪᠤᠯᠤᠯᠭ᠎ᠠ ᠲᠠᠢ ᠪᠠᠷ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠳᠤ ᠰᠢᠨᠵᠢᠯᠡᠨ  ᠪᠠᠶᠢᠴᠠᠭᠠᠪᠠ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ   ᠶᠠᠨ ᠶᠠᠨ  ᠰᠡᠭᠦᠳᠡᠷᠯᠡᠪᠡ    ᠾᠧᠩ ᠴᠢᠨ ᠭᠤᠸᠠᠩᠳᠦ᠋ᠩ ᠤᠨ ᠵᠦᠬᠠᠢ ᠶᠢᠨ ᠡᠮᠦᠨ᠎ᠡ ᠦᠵᠦᠭᠦᠷ ᠲᠤ ᠪᠠᠶᠢᠷᠢᠯᠠᠵᠤ᠂ ᠣᠣᠮᠧᠨ ᠲᠠᠢ ᠭᠤᠣᠯ ᠮᠥᠷᠡᠨ ᠢᠶᠠᠷ ᠠᠯᠤᠰᠯᠠᠵᠤ᠂ ᠣᠣᠮᠧᠨ ᠤ  ᠠᠵᠤ ᠠᠬᠤᠢ ᠶᠢᠨ ᠵᠣᠬᠢᠰᠲᠠᠢ ᠬᠡᠮᠵᠢᠶ᠎ᠡ ᠪᠠᠷ ᠤᠯᠠᠨ ᠡᠰᠢᠵᠢᠨ ᠬᠥᠭᠵᠢᠬᠦ ᠶᠢ ᠠᠬᠢᠭᠤᠯᠬᠤ ᠴᠢᠬᠤᠯᠠ ᠲᠠᠪᠴᠠᠩ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ  ᠬᠤᠷᠠᠯ ᠠᠴᠠ ᠨᠠᠭᠠᠰᠢ ᠶᠡᠷᠦᠩᠬᠡᠢ ᠱᠦᠵᠢ ᠰᠢ ᠶᠢᠨ ᠫᠢᠩ ᠾᠧᠩ ᠴᠢᠨ ᠳᠤ ᠤᠯᠠᠨ ᠤᠳᠠᠭ᠎ᠠ ᠰᠢᠨᠵᠢᠯᠡᠨ ᠪᠠᠶᠢᠴᠠᠭᠠᠵᠤ᠂ ᠾᠧᠩ ᠴᠢᠨ ᠤ ᠬᠥᠭᠵᠢᠯᠲᠡ ᠳᠤ  ᠴᠢᠭᠯᠡᠯ ᠢ ᠲᠣᠭᠲᠠᠭᠠᠵᠤ ᠥᠭᠴᠡᠢ᠃ 2021 ᠣᠨ ᠤ 9 ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠾᠧᠩ ᠴᠢᠨ ᠳᠠᠬᠢ  ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠯ︾ ᠢ ᠨᠡᠶᠢᠲᠡᠯᠡᠵᠦ᠂ ᠬᠠᠮᠲᠤᠷᠠᠯᠴᠠᠭᠠᠨ ᠤ  ᠣᠷᠣᠨ ᠤ        ᠪᠦᠲᠦᠭᠡᠨ         ᠪᠠᠶᠢᠭᠤᠯᠤᠯᠲᠠ ᠶᠢᠨ ᠰᠠᠶᠢᠨ ᠰᠠᠶᠢᠬᠠᠨ ᠵᠢᠷᠤᠭ ᠲᠥᠰᠥᠪ ᠢ ᠵᠢᠷᠤᠭᠯᠠᠪᠠ᠃            ᠾᠧᠩ ᠴᠢᠨ ᠤ ᠲᠢᠶᠠᠨ ᠮᠦ ᠴᠢᠨ ᠲᠠᠢ ᠦᠵᠡᠭᠦᠯᠭᠡ ᠶᠢᠨ ᠲᠢᠩᠬᠢᠮ ᠳᠤ ᠰᠢ ᠶᠢᠨ ᠫᠢᠩ  ︽ᠾᠧᠩ ᠴᠢᠨ ᠣᠣᠮᠧᠨ ᠤ ᠬᠠᠮᠲᠤ ᠶᠢᠨ ᠳᠠᠭᠤᠯᠠᠯ  – ᠾᠧᠩ  ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠭᠤᠣᠯ ᠰᠡᠳᠦᠪᠲᠦ ᠦᠵᠡᠭᠦᠯᠭᠡ︾ ᠶᠢ  ᠲᠣᠭᠤᠷᠢᠨ ᠦᠵᠡᠪᠡ᠃ ᠦᠵᠡᠭᠦᠯᠭᠡ ᠶᠢᠨ ᠲᠢᠩᠬᠢᠮ ᠳᠤ ᠭᠡᠷᠡᠯ ᠵᠢᠷᠤᠭ ᠤᠳ᠂ ᠬᠦᠰᠦᠨᠦᠭᠲᠦ ᠨᠦᠭᠦᠳ᠂ ᠪᠣᠳᠠᠲᠤ ᠪᠣᠳᠠᠰ ᠤᠨ ᠵᠠᠭᠪᠤᠷ ᠤᠳ ᠨᠢ ᠾᠧᠩ ᠴᠢᠨ  ᠣᠣᠮᠧᠨ ᠤ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠳᠠᠯ ᠪᠣᠯᠣᠨ ᠣᠶᠢᠷ᠎ᠠ ᠶᠢᠨ ᠵᠢᠯ ᠠᠴᠠ ᠨᠠᠭᠠᠰᠢᠬᠢ ᠭᠤᠸᠠᠩᠳᠦ᠋ᠩ ᠣᠣᠮᠧᠨ ᠤ ᠭᠦᠨᠵᠡᠭᠡᠢ  ᠬᠠᠮᠲᠤᠷᠠᠯᠴᠠᠭᠠᠨ ᠤ ᠱᠠᠲᠤᠴᠢ ᠴᠢᠨᠠᠷᠲᠠᠢ ᠦᠷ᠎ᠡ ᠪᠦᠲᠦᠭᠡᠯ ᠢ ᠠᠮᠢᠳᠤᠯᠢᠭ ᠢᠶᠠᠷ ᠦᠵᠡᠭᠦᠯᠵᠦ᠂ ᠰᠢ  ᠶᠢᠨ ᠫᠢᠩ ᠪᠠᠶᠢᠨ ᠪᠠᠶᠢᠨ ᠵᠣᠭᠰᠣᠨ ᠪᠠᠶᠢᠴᠠᠭᠠᠨ ᠦᠵᠡᠵᠦ᠂  ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ ᠪᠠᠶᠢᠯ᠎ᠠ ᠃ ᠰᠢ ᠶᠢᠨ ᠫᠢᠩ᠂ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ  ᠣᠷᠣᠨ ᠪᠠᠶᠢᠭᠤᠯᠤᠭᠳᠠᠭᠰᠠᠨ 3 ᠵᠢᠯ ᠭᠠᠷᠤᠢ ᠶᠢᠨ ᠲᠤᠷᠰᠢ ᠡᠯ᠎ᠡ ᠵᠦᠢᠯ ᠤᠨ ᠠᠵᠢᠯ ᠢᠳᠡᠪᠬᠢᠲᠡᠢ ᠠᠬᠢᠴᠠ ᠲᠠᠢ ᠪᠣᠯᠵᠤ᠂ ᠾᠧᠩ ᠴᠢᠨ ᠣᠣᠮᠧᠨ ᠤ ᠨᠢᠭᠡ  ᠴᠣᠭᠴᠠᠵᠢᠭᠰᠠᠨ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠵᠦ᠂ ᠣᠣᠮᠧᠨ ᠤ ᠠᠵᠤ ᠠᠬᠤᠢ ᠶᠢᠨ ᠵᠣᠬᠢᠰᠲᠠᠢ ᠬᠡᠮᠵᠢᠶ᠎ᠡ ᠪᠠᠷ ᠤᠯᠠᠨ ᠡᠰᠢᠵᠢᠬᠦ ᠬᠥᠭᠵᠢᠯᠲᠡ ᠳᠤ  ᠦᠵᠡᠭᠦᠯᠭᠦ ᠲᠤᠯᠭᠠᠭᠤᠷᠢᠯᠠᠬᠤ ᠦᠢᠯᠡᠳᠦᠯ ᠡᠳᠦᠷ ᠢᠷᠡᠬᠦᠶ᠎ᠡ ᠢᠯᠡᠷᠬᠡᠢ ᠪᠣᠯᠵᠤ ᠪᠠᠶᠢᠨ᠎ᠠ᠃ ᠲᠥᠪ ᠠᠴᠠ ᠾᠧᠩ ᠴᠢᠨ ᠢ ᠨᠡᠭᠡᠭᠡᠨ ᠬᠥᠭᠵᠢᠭᠦᠯᠵᠦ᠂  ᠬᠠᠮᠲᠤᠷᠠᠯᠴᠠᠭᠠᠨ ᠤ ᠣᠷᠣᠨ ᠢ ᠪᠦᠲᠦᠭᠡᠨ ᠪᠠᠶᠢᠭᠤᠯᠬᠤ ᠪᠠᠷ ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ ᠭᠡᠳᠡᠭ ᠢ ᠦᠢᠯᠡᠳᠦᠯᠭᠡ  ᠭᠡᠷᠡᠴᠢᠯᠡᠪᠡ ᠭᠡᠵᠦ ᠢᠯᠡᠳᠬᠡᠵᠡᠢ᠃    
广澳深度合作区1.jpg    19 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ
᠂ ᠤᠯᠤᠰ ᠤᠨ ᠲᠡᠷᠢᠭᠦᠯᠡᠭᠴᠢ᠂  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ  ᠳᠠᠷᠤᠭ᠎ᠠ ᠾᠧ ᠢ ᠴᠧᠩ ᠤᠨ ᠪᠠᠷ᠎ᠠ ᠪᠤᠯᠤᠯᠭ᠎ᠠ ᠲᠠᠢ ᠪᠠᠷ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠳᠤ ᠰᠢᠨᠵᠢᠯᠡᠨ  ᠪᠠᠶᠢᠴᠠᠭᠠᠪᠠ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ   ᠵᠢᠤᠢ ᠫᠧᠩ  ᠰᠡᠭᠦᠳᠡᠷᠯᠡᠪᠡ            ᠰᠢ ᠶᠢᠨ ᠫᠢᠩ ᠭᠤᠸᠠᠩᠳᠦ᠋ᠩ ᠣᠣᠮᠧᠨ ᠤ ᠬᠢᠲᠠᠳ ᠡᠮ ᠡᠮᠨᠡᠯᠭᠡ ᠶᠢᠨ ᠳᠡᠭᠡᠳᠦ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠲᠤᠯᠭᠠᠭᠤᠷᠢᠯᠠᠯ ᠤᠨ ᠲᠠᠪᠴᠠᠩ ᠢ ᠬᠠᠮᠲᠤ ᠪᠠᠷ ᠪᠦᠲᠦᠭᠡᠨ ᠪᠠᠶᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠡᠳᠡᠨ ᠤ ᠣᠯᠠᠨ ᠰᠢᠨᠵᠢᠯᠡᠭᠡᠨ ᠤ  ᠰᠠᠯᠠᠭ᠎ᠠ ᠶᠢᠨ ᠲᠡᠷᠢᠭᠦᠨ ᠤ ᠮᠡᠷᠭᠡᠵᠢᠯ ᠢ ᠨᠡᠶᠢᠳᠬᠡᠵᠦ᠂ ᠬᠢᠲᠠᠳ ᠡᠮ ᠡᠮᠨᠡᠯᠭᠡ ᠶᠢᠨ ᠳᠡᠯᠡᠬᠡᠢ ᠳᠤ ᠭᠠᠷᠬᠤ ᠳᠤ ᠬᠦᠴᠦᠨ ᠨᠡᠮᠡᠷᠢᠯᠡᠬᠦ ᠠᠷᠭ᠎ᠠ ᠬᠢᠳᠡᠯ ᠢ ᠨᠤᠲᠠᠯᠠᠵᠤ  ᠪᠠᠶᠢᠬᠤ ᠪᠠᠨ ᠢᠯᠡᠳᠬᠡᠪᠡ᠃ ᠣᠣᠮᠧᠨ ᠤ ᠰᠢᠨ ᠵᠢᠶᠧ ᠹᠠᠩ ᠪᠣᠯ ᠾᠧᠩ ᠴᠢᠨ ᠤ ᠠᠩᠬᠠᠳᠠᠭᠴᠢ ᠣᠣᠮᠧᠨ ᠤ ᠰᠠᠭᠤᠭᠠᠯᠢ ᠠᠷᠠᠳ ᠲᠤ ᠪᠠᠶᠢᠭᠤᠯᠵᠤ ᠥᠭᠭᠦᠭᠰᠡᠨ  ᠶᠡᠷᠦᠩᠬᠡᠶᠢᠯᠡᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠲᠦᠷᠦᠯ ᠵᠦᠢᠯ ᠤᠨ ᠦᠵᠡᠭᠦᠯᠭᠡ ᠶᠢᠨ ᠲᠣᠭᠤᠷᠢᠭ ᠤᠨ ᠡᠮᠦᠨ᠎ᠡ ᠰᠢ ᠶᠢᠨ ᠫᠢᠩ ᠠᠳᠡ  ᠰᠠᠭᠤᠭ᠎ᠠ ᠬᠤᠳᠠ ᠶᠢᠨ ᠠᠷᠠᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠵᠠᠯᠠᠭᠤ ᠦᠢᠯᠡᠰ ᠪᠣᠰᠬᠠᠭᠴᠢᠳ ᠤᠨ ᠲᠥᠯᠥᠭᠡᠯᠡᠭᠴᠢ ᠶᠢᠨ ᠣᠣᠮᠧᠨ ᠠᠴᠠ  ᠾᠧᠩ ᠴᠢᠨ ᠳᠤ ᠢᠷᠡᠵᠦ ᠦᠢᠯᠡᠰ ᠪᠣᠰᠬᠠᠭᠰᠠᠨ ᠥᠩᠭᠡᠷᠡᠯᠲᠡ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ᠂ ᠲᠠ ᠨᠠᠷ ᠤᠨ ᠰᠢᠨ᠎ᠡ ᠶᠢ ᠡᠭᠦᠳᠴᠦ ᠦᠢᠯᠡᠰ  ᠪᠣᠰᠬᠠᠭᠰᠠᠨ ᠦᠯᠢᠭᠡᠷ ᠨᠢ ᠣᠣᠮᠧᠨ ᠳᠤ ᠨᠢᠭᠡ ᠪᠦᠯᠦᠭ ᠬᠦᠰᠡᠯᠡᠩ ᠲᠠᠢ᠂ ᠬᠠᠷᠢᠭᠤᠴᠠᠯᠭ᠎ᠠ ᠡᠭᠦᠷᠭᠡᠯᠡᠯ ᠲᠠᠢ᠂ ᠵᠣᠷᠢᠭᠲᠠᠢ ᠪᠠᠷ ᠬᠠᠶᠢᠨ ᠰᠦᠪᠡᠭᠴᠢᠯᠡᠬᠦ ᠪᠠ ᠰᠢᠨ᠎ᠡ ᠶᠢ  ᠡᠭᠦᠳᠬᠦ ᠵᠠᠯᠠᠭᠤᠴᠤᠳ ᠪᠠᠶᠢᠬᠤ ᠶᠢ ᠬᠠᠷᠠᠭᠤᠯᠵᠤ ᠪᠠᠶᠢᠨ᠎ᠠ᠂ ᠾᠧᠩ ᠴᠢᠨ ᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠨᠢ ᠲᠠ ᠨᠠᠷ ᠤᠨ ᠠᠵᠢᠯ ᠬᠢᠵᠦ  ᠦᠢᠯᠡᠰ ᠪᠣᠰᠬᠠᠬᠤ ᠳᠤ ᠥᠷᠭᠡᠨ ᠠᠭᠤᠳᠠᠮ ᠣᠷᠣᠨ ᠵᠠᠢ ᠪᠠ ᠠᠵᠠ ᠲᠣᠭᠢᠶᠠᠯ ᠬᠠᠩᠭᠠᠵᠠᠢ᠂ ᠠᠳᠡ ᠶᠡᠭᠡ ᠦᠢᠯᠡᠰ ᠪᠦᠲᠦᠭᠡᠵᠦ ᠪᠣᠯᠣᠨ᠎ᠠ᠂ ᠣᠣᠮᠧᠨ ᠤ ᠨᠡᠩ  ᠤᠯᠠᠨ ᠵᠠᠯᠠᠭᠤᠴᠤᠳ ᠾᠧᠩ ᠴᠢᠨ ᠳᠤ ᠭᠤᠶᠢᠳᠠ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠬᠦᠰᠡᠵᠦ ᠪᠠᠶᠢᠨ᠎ᠠ ᠭᠡᠵᠦ     ᠢᠯᠡᠳᠬᠡᠪᠡ᠃           ᠰᠢ ᠶᠢᠨ ᠫᠢᠩ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠦᠢᠯᠡᠴᠢᠯᠡᠭᠡ ᠵᠡᠷᠭᠡ ᠡᠯ᠎ᠡ ᠲᠠᠯ᠎ᠠ ᠶᠢᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ︽ᠣᠣᠮᠧᠨ + ᠾᠧᠩ ᠴᠢᠨ︾ ᠶᠠᠭ  ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠰᠢᠨ᠎ᠡ ᠵᠢᠱᠢᠶ᠎ᠡ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ  ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠢᠨ᠎ᠡ ᠥᠨᠳᠦᠷᠯᠢᠭ᠂ ᠤᠯᠤᠰ ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠡᠶᠡᠯᠡᠭᠦᠯᠬᠦ  ᠰᠢᠨ᠎ᠡ ᠲᠠᠪᠴᠠᠩ ᠪᠣᠯᠵᠤ ᠪᠠᠶᠢᠨ᠎ᠠ᠃ ᠲᠠ ᠨᠠᠷ ᠪᠣᠯ ᠾᠧᠩ ᠴᠢᠨ ᠤ ᠪᠦᠲᠦᠭᠡᠨ ᠪᠠᠶᠢᠭᠤᠯᠤᠯᠲᠠ ᠶᠢᠨ ᠬᠤᠰᠢᠭᠤᠴᠢ᠂ ᠪᠣᠳᠠᠲᠠᠢ ᠠᠵᠢᠯᠯᠠᠭᠴᠢ ᠮᠥᠨ᠂ ᠤᠯᠤᠰ      ᠪᠣᠯᠣᠨ ᠣᠣᠮᠧᠨ     ᠤ       ᠬᠥᠭᠵᠢᠯᠲᠡ    ᠳᠤ ᠬᠤᠪᠢ ᠨᠡᠮᠡᠷᠢ ᠦᠵᠡᠭᠦᠯᠪᠡ ᠭᠡᠵᠦ ᠢᠯᠡᠳᠬᠡᠵᠡᠢ᠃           ᠰᠢ ᠶᠢᠨ ᠫᠢᠩ᠂ ᠾᠧᠩ ᠴᠢᠨ ᠢ ᠨᠡᠭᠡᠭᠡᠨ ᠬᠥᠭᠵᠢᠭᠦᠯᠦᠭᠰᠡᠨ ᠤ ᠤᠭ ᠰᠠᠨᠠᠭ᠎ᠠ ᠪᠣᠯ ᠳᠠᠷᠤᠢ ᠣᠣᠮᠧᠨ ᠤ ᠠᠵᠤ ᠠᠬᠤᠢ ᠶᠢ ᠵᠣᠬᠢᠰᠲᠠᠢ ᠬᠡᠮᠵᠢᠶ᠎ᠡ ᠪᠠᠷ ᠤᠯᠠᠨ  ᠡᠰᠢᠵᠢᠨ ᠬᠥᠭᠵᠢᠭᠦᠯᠬᠦ ᠶᠢᠨ ᠲᠥᠯᠥᠭᠡ ᠭᠡᠳᠡᠭ ᠢ ᠵᠠᠪᠠᠯ ᠪᠠᠲᠤ ᠴᠡᠭᠡᠵᠢᠯᠡᠬᠦ ᠬᠡᠷᠡᠭᠲᠡᠢ᠃ ᠲᠥᠯᠦᠪᠵᠢᠭᠦᠯᠭᠡ ᠶᠢ ᠡᠷᠡᠰ ᠨᠠᠶᠢᠳᠠᠪᠤᠷᠢᠵᠢᠭᠤᠯᠵᠤ᠂ ᠪᠠᠶᠢᠯᠳᠤᠬᠤ  ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠬᠤ ᠶᠢ ᠪᠠᠷᠢᠮᠲᠠᠯᠠᠬᠤ ᠬᠡᠷᠡᠭᠲᠡᠢ᠃ ᠬᠠᠮᠲᠤᠷᠠᠯᠴᠠᠭᠠᠨ ᠤ  ᠣᠷᠣᠨ ᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠳᠤ ᠣᠣᠮᠧᠨ ᠤ ᠠᠵᠤ ᠠᠬᠤᠢ ᠶᠢᠨ ᠵᠣᠬᠢᠰᠲᠠᠢ  ᠬᠡᠮᠵᠢᠶ᠎ᠡ ᠪᠠᠷ ᠤᠯᠠᠨ ᠡᠰᠢᠵᠢᠬᠦ ᠬᠥᠭᠵᠢᠯᠲᠡ ᠶᠢ ᠠᠬᠢᠭᠤᠯᠬᠤ᠂ ᠣᠣᠮᠧᠨ ᠤ ᠰᠠᠭᠤᠭᠠᠯᠢ ᠠᠷᠠᠳ ᠤᠨ ᠠᠮᠢᠳᠤᠷᠠᠯ ᠠᠵᠢᠯ ᠣᠯᠭᠤᠯᠲᠠ ᠳᠤ ᠲᠦᠭᠦᠮ ᠦᠵᠡᠭᠦᠯᠭᠦ  ᠲᠠᠯ᠎ᠠ ᠪᠠᠷ ᠦᠨᠡᠨ ᠪᠣᠳᠠᠲᠠᠢ ᠠᠷᠭ᠎ᠠ ᠬᠡᠮᠵᠢᠶ᠎ᠡ ᠪᠠ ᠦᠷ᠎ᠡ ᠪᠦᠲᠦᠭᠡᠯ ᠪᠠᠶᠢᠬᠤ ᠡᠰᠡᠬᠦ ᠶᠢ ᠦᠵᠡᠬᠦ ᠭᠡᠷᠡᠭᠲᠡᠢ︔ ︽ᠬᠤᠶᠠᠷ ᠪᠠᠶᠢᠭᠤᠯᠤᠯ︾ ᠤᠨ ᠠᠰᠢᠭ ᠢ  ᠪᠠᠳᠠᠷᠠᠭᠤᠯᠵᠤ᠂ ᠬᠤᠶᠠᠷ ᠭᠠᠵᠠᠷ ᠤᠨ ᠳᠦᠷᠢᠮ ᠤᠨ ᠵᠣᠯᠭᠠᠯᠴᠠᠭ᠎ᠠ ᠪᠠ ᠲᠣᠭᠲᠠᠴᠠ ᠶᠢᠨ ᠵᠣᠯᠭᠠᠯᠴᠠᠭ᠎ᠠ ᠶᠢ ᠠᠬᠢᠭᠤᠯᠬᠤ ᠲᠠᠯ᠎ᠠ ᠪᠠᠷ ᠳᠦᠷᠢᠮ ᠤᠨ ᠴᠢᠨᠠᠷᠲᠠᠢ ᠰᠢᠨ᠎ᠡ  ᠦᠷ᠎ᠡ ᠪᠦᠲᠦᠭᠡᠯ ᠡᠭᠦᠳᠦᠭᠰᠡᠨ ᠡᠰᠡᠬᠦ ᠶᠢ ᠦᠵᠡᠬᠦ ᠭᠡᠷᠡᠭᠲᠡᠢ︔ ᠾᠧᠩ ᠴᠢᠨ ᠣᠣᠮᠧᠨ ᠢ ᠨᠢᠭᠡ ᠴᠣᠭᠴᠠᠵᠢᠭᠤᠯᠬᠤ ᠪᠠᠷ ᠭᠤᠸᠠᠩᠳᠦ᠋ᠩ ᠰᠢᠶᠠᠩᠭᠠᠩ ᠣᠣᠮᠧᠨ ᠤ  ᠲᠣᠮᠣ ᠪᠤᠯᠤᠩ ᠤᠨ ᠣᠷᠣᠨ ᠤ ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠤᠷᠢᠳ ᠢᠶᠠᠷ ᠬᠢᠵᠦ  ᠤᠷᠢᠳ ᠢᠶᠠᠷ ᠲᠤᠷᠰᠢᠬᠤ ᠦᠢᠯᠡᠳᠦᠯ ᠢ ᠪᠠᠳᠠᠷᠠᠭᠤᠯᠤᠭᠰᠠᠨ ᠡᠰᠡᠬᠦ ᠶᠢ ᠦᠵᠡᠬᠦ ᠬᠡᠷᠡᠭᠲᠡᠢ᠃ ᠭᠤᠸᠠᠩᠳᠦ᠋ᠩ᠂ ᠵᠦᠬᠠᠢ᠂ ᠣᠣᠮᠧᠨ ᠪᠣᠯ ᠴᠥᠮ ᠬᠠᠮᠲᠤᠷᠠᠯᠴᠠᠭᠠᠨ ᠤ  ᠣᠷᠣᠨ ᠤ ᠪᠦᠲᠦᠭᠡᠨ ᠪᠠᠶᠢᠭᠤᠯᠤᠯᠲᠠ ᠶᠢᠨ ᠬᠤᠪᠢ ᠨᠡᠮᠡᠷᠢ ᠦᠵᠡᠭᠦᠯᠦᠭᠴᠢ ᠪᠠ ᠠᠰᠢᠭ ᠭᠦᠷᠳᠡᠭᠴᠢ ᠮᠥᠨ᠂ ᠴᠥᠮ ᠡᠨᠡ ᠬᠦ ᠬᠠᠷᠠᠯᠲᠠ ᠲᠡᠶᠢᠰᠢ ᠬᠠᠮᠲᠤ ᠪᠠᠷ  ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃           ᠰᠢ ᠶᠢᠨ ᠫᠢᠩ᠂ ᠰᠢᠨ᠎ᠡ ᠭᠠᠷᠤᠭ᠎ᠠ ᠳᠡᠭᠡᠷ᠎ᠡ ᠤᠯᠠᠨ ᠢᠶᠠᠷ ᠢᠶᠠᠨ ᠲᠥᠪ ᠤᠨ ᠱᠠᠭᠠᠷᠳᠠᠯᠭ᠎ᠠ ᠶᠣᠰᠣᠭᠠᠷ ᠵᠣᠷᠢᠭᠲᠠᠢ ᠪᠠᠷ ᠥᠭᠡᠷᠡᠴᠢᠯᠡᠯᠲᠡ ᠬᠢᠵᠦ᠂ ᠬᠦᠴᠦ ᠪᠠᠨ  ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠭᠠᠷ ᠬᠤᠯᠪᠣᠨ ᠡᠭᠦᠳᠬᠦ ᠶᠢ  ᠬᠦᠰᠡᠵᠦ ᠪᠠᠶᠢᠨ᠎ᠠ᠃ ᠰᠠᠭᠤᠷᠢ ᠲᠥᠬᠦᠭᠡᠷᠦᠮᠵᠢ ᠶᠢᠨ ︽ᠬᠠᠲᠠᠭᠤ ᠨᠡᠪᠲᠡᠷᠡᠯᠴᠡᠭᠡ︾᠂ ᠳᠦᠷᠢᠮ ᠲᠣᠭᠲᠠᠴᠠ ᠶᠢᠨ ︽ᠵᠥᠭᠡᠯᠡᠨ ᠨᠡᠪᠲᠡᠷᠡᠯᠴᠡᠭᠡ︾᠂ ᠾᠧᠩ ᠴᠢᠨ  ᠣᠣᠮᠧᠨ ᠤ ᠰᠠᠭᠤᠭᠠᠯᠢ ᠠᠷᠠᠳ ᠤᠨ ︽ᠰᠡᠳᠬᠢᠯ ᠤᠨ ᠨᠡᠪᠲᠡᠷᠡᠯᠴᠡᠭᠡ︾ ᠶᠢ ᠲᠠᠰᠤᠷᠠᠯᠲᠠ ᠦᠭᠡᠢ ᠴᠢᠩᠭᠠᠳᠬᠠᠵᠤ᠂ ᠾᠧᠩ ᠴᠢᠨ ᠣᠣᠮᠧᠨ ᠤ ᠠᠵᠤ ᠠᠬᠤᠢ  ᠳᠡᠭᠡᠳᠦ ᠬᠡᠮᠵᠢᠶ᠎ᠡ ᠪᠠᠷ ᠬᠠᠮᠵᠢᠯᠴᠠᠭᠰᠠᠨ᠂ ᠳᠦᠷᠢᠮ ᠢ ᠭᠦᠨᠵᠡᠭᠡᠢ ᠵᠣᠯᠭᠠᠭᠤᠯᠤᠭᠰᠠᠨ ᠳᠦᠷᠢᠮ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠾᠧᠩ ᠴᠢᠨ  ᠣᠣᠮᠧᠨ ᠢ ᠨᠢᠭᠡ ᠴᠣᠭᠴᠠᠵᠢᠭᠤᠯᠬᠤ ᠶᠢ ᠨᠠᠩ ᠥᠨᠳᠥᠷ ᠲᠦᠪᠰᠢᠨ ᠳᠤ ᠬᠦᠷᠭᠡᠬᠦ ᠬᠡᠷᠡᠭᠲᠡᠢ᠃ ᠤᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ  ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠤᠯᠭᠠᠵᠤ᠂ ᠣᠣᠮᠧᠨ ᠤ ᠠᠬ᠎ᠠ  ᠳᠡᠭᠦᠦ ᠨᠠᠷ ᠤᠨ ᠠᠳᠡ ᠠᠮᠢᠳᠤᠷᠠᠬᠤ᠂ ᠠᠵᠢᠯ ᠣᠯᠬᠤ᠂ ᠦᠢᠯᠡᠰ ᠪᠣᠰᠬᠠᠬᠤ ᠳᠤ ᠲᠦᠭᠦᠮ ᠦᠵᠡᠭᠦᠯᠭᠦ ᠬᠡᠷᠡᠭᠲᠡᠢ᠃ ᠲᠥᠪ ᠠᠴᠠ ᠣᠯᠭᠤᠭᠰᠠᠨ ᠡᠯ᠎ᠡ ᠵᠦᠢᠯ ᠤᠨ  ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠦᠴᠦᠯᠡᠨ  ᠪᠤᠢ ᠪᠤᠯᠭᠠᠵᠤ᠂ ᠣᠣᠮᠧᠨ ᠤ ᠠᠵᠤ ᠠᠬᠤᠢ ᠶᠢᠨ ᠵᠣᠬᠢᠰᠲᠠᠢ ᠬᠡᠮᠵᠢᠶ᠎ᠡ ᠪᠠᠷ ᠤᠯᠠᠨ ᠡᠰᠢᠵᠢᠬᠦ ᠬᠥᠭᠵᠢᠯᠲᠡ ᠪᠠ ᠭᠤᠸᠠᠩᠳᠦ᠋ᠩ ᠰᠢᠶᠠᠩᠭᠠᠩ ᠣᠣᠮᠧᠨ ᠤ ᠲᠣᠮᠣ  ᠪᠤᠯᠤᠩ ᠤᠨ ᠣᠷᠣᠨ ᠤ ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ  ᠴᠢᠬᠤᠯᠠᠴᠢᠯᠠᠵᠠᠢ᠃           ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠬᠤᠸᠠᠩ ᠺᠦᠨ ᠮᠢᠩ᠂ ᠸᠠᠩ ᠳ᠋ᠦᠩ ᠹᠧᠩ ᠂ ᠰᠢᠶᠠ ᠪᠦᠦ ᠯᠦᠩ ᠨᠠᠷ  ᠠᠵᠢᠯᠯᠠᠭ᠎ᠠ ᠳᠤ ᠣᠷᠣᠯᠴᠠᠪᠠ᠃        ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号