ᠨᠡᠶᠢᠲᠡᠯᠡᠭᠰᠡᠨ ᠴᠠᠭ᠄ 2024/12/23 | | ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ 19 ᠤ ᠦᠳᠡ ᠶᠢᠨ ᠡᠮᠦᠨ᠎ᠡ | ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ | ᠳᠠᠷᠤᠭ᠎ᠠ ᠾᠧ ᠢ ᠴᠧᠩ ᠤᠨ ᠪᠠᠷ᠎ᠠ ᠪᠤᠯᠤᠯᠭ᠎ᠠ ᠲᠠᠢ ᠪᠠᠷ ᠣᠣᠮᠧᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ | ᠰᠤᠷᠭᠠᠭᠤᠯᠢ ᠳᠤ ᠰᠢᠨᠵᠢᠯᠡᠨ ᠪᠠᠶᠢᠴᠠᠭᠠᠵᠤ᠂ ᠰᠤᠷᠭᠠᠭᠤᠯᠢ ᠶᠢᠨ ᠪᠠᠭᠰᠢ ᠰᠤᠷᠤᠬᠴᠢᠳ ᠪᠣᠯᠣᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ |  19 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠤᠨ ᠪᠠᠷ᠎ᠠ ᠪᠤᠯᠤᠯᠭ᠎ᠠ ᠲᠠᠢ ᠪᠠᠷ ᠣᠣᠮᠧᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠵᠤ᠂ ᠰᠤᠷᠭᠠᠭᠤᠯᠢ ᠶᠢᠨ ᠪᠠᠭᠰᠢ ᠰᠤᠷᠤᠬᠴᠢᠳ | ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠵᠢᠷᠤᠭ ᠪᠣᠯ ᠰᠢ ᠶᠢᠨ | ᠫᠢᠩ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠲᠣᠮᠣ ᠠᠰᠠᠷ ᠲᠤ ᠬᠦᠷᠴᠦ᠂ ᠰᠤᠷᠭᠠᠭᠤᠯᠢ ᠪᠣᠯᠣᠨ ᠣᠣᠮᠧᠨ ᠤ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ ᠪᠠᠶᠢᠭ᠎ᠠ ᠨᠢ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ | ᠣᠣᠮᠧᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠣᠯ ᠣᠣᠮᠧᠨ ᠡᠬᠡ ᠤᠯᠤᠰ ᠲᠠᠭᠠᠨ | ᠪᠤᠴᠠᠵᠤ ᠢᠷᠡᠭᠰᠡᠨ ᠤ ᠳᠠᠷᠠᠭ᠎ᠠ ᠪᠠᠶᠢᠭᠤᠯᠤᠭᠳᠠᠭᠰᠠᠨ ᠨᠢᠭᠡᠨ ᠵᠠᠯᠠᠭᠤᠬᠠᠨ ᠶᠡᠭᠡ ᠰᠤᠷᠭᠠᠭᠤᠯᠢ ᠪᠣᠯᠣᠨ᠎ᠠ᠂ ᠣᠣᠮᠧᠨ ᠪᠠ | ᠤᠯᠤᠰ ᠤᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠣᠨᠴᠠᠯᠢᠭ ᠪᠠ ᠳᠠᠪᠠᠭᠤᠯᠢᠭ ᠰᠤᠳᠤᠯᠭᠠᠨ ᠤ | ᠬᠦᠷᠢᠶ᠎ᠡ ᠶᠢ ᠬᠥᠭᠵᠢᠭᠦᠯᠬᠦ ᠶᠢ ᠴᠢᠬᠤᠯᠠᠴᠢᠯᠠᠵᠤ᠂ ᠨᠢᠭᠡᠨᠲᠡ ᠣᠣᠮᠧᠨ ᠤ ᠰᠤᠷᠤᠬᠴᠢᠳ ᠤᠨ ᠬᠡᠪᠴᠢᠶ᠎ᠡ ᠪᠠᠷ ᠬᠠᠮᠤᠭ ᠤᠨ | ᠶᠡᠭᠡ ᠶᠡᠷᠦᠩᠬᠡᠶᠢᠯᠡᠭᠰᠡᠨ ᠴᠢᠨᠠᠷᠲᠠᠢ ᠶᠡᠭᠡ ᠰᠤᠷᠭᠠᠭᠤᠯᠢ ᠪᠣᠯᠵᠠᠢ᠃ ᠰᠢ ᠶᠢᠨ ᠫᠢᠩ ᠶᠡᠷᠦᠩᠬᠡᠶᠢᠯᠡᠭᠰᠡᠨ ᠵᠢᠭᠠᠨ | ᠰᠤᠷᠭᠠᠯᠲᠠ ᠶᠢᠨ ᠲᠣᠮᠣ ᠠᠰᠠᠷ ᠲᠤ ᠬᠦᠷᠴᠦ᠂ ᠰᠤᠷᠭᠠᠭᠤᠯᠢ ᠪᠣᠯᠣᠨ ᠣᠣᠮᠧᠨ ᠤ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠣᠮᠧᠨ ᠤ ᠰᠤᠷᠭᠠᠨ ᠬᠥᠮᠦᠵᠢᠯ ᠢ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠭᠦᠯᠬᠦ᠂ ︽ᠰᠤᠷᠭᠠᠨ ᠬᠥᠮᠦᠵᠢᠯ ᠢᠶᠠᠷ ᠣᠣᠮᠧᠨ ᠢᠶᠠᠨ ᠬᠥᠭᠵᠢᠭᠦᠯᠦᠨ | ᠮᠠᠨᠳᠤᠭᠤᠯᠬᠤ᠂ ᠴᠢᠳᠠᠪᠤᠷᠢᠲᠠᠨ ᠢᠶᠠᠷ ᠣᠣᠮᠧᠨ ᠢᠶᠠᠨ ᠪᠦᠲᠦᠭᠡᠨ ᠪᠠᠶᠢᠭᠤᠯᠬᠤ︾ ᠶᠢ ᠠᠬᠢᠭᠤᠯᠤᠭᠰᠠᠨ ᠠᠮᠵᠢᠯᠲᠠ ᠶᠢ | ᠨᠤᠲᠠᠯᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠬᠢᠲᠠᠳ ᠡᠮ ᠤᠨ ᠶᠠᠰᠤ ᠴᠢᠨᠠᠷ ᠤᠨ ᠰᠤᠳᠤᠯᠭᠠᠨ᠂ ᠰᠠᠷᠠᠨ | ᠪᠥᠮᠪᠥᠷᠴᠡᠭ ᠪᠣᠯᠣᠨ ᠭᠠᠷᠠᠭ ᠣᠳᠣᠨ ᠤ ᠰᠢᠨᠵᠢᠯᠡᠬᠦ ᠤᠬᠠᠭᠠᠨ ᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠣᠶᠢᠯᠠᠭᠠᠪᠠ᠃ ᠲᠡᠷᠡ᠂ ᠬᠢᠲᠠᠳ ᠡᠮ ᠡᠮᠨᠡᠯᠭᠡ ᠪᠣᠯ ᠳᠤᠮᠳᠠᠳᠤ ᠶᠢᠨ ᠪᠣᠯᠪᠠᠰᠤᠨ ᠤ | ᠦᠨᠡᠲᠦ ᠡᠷᠳᠡᠨᠢ ᠮᠥᠨ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠣᠯ ᠶᠡᠭᠡ ᠶᠠᠪᠤᠳᠠᠯ | ᠮᠥᠨ᠃ ᠡᠨᠡ ᠬᠦ ᠡᠪᠦᠭᠡ ᠳᠡᠭᠡᠳᠦᠰ ᠤᠨ ᠪᠢᠳᠡᠨ ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠡᠳ᠋ ᠪᠠᠶᠠᠯᠢᠭ ᠢ ᠰᠠᠶᠢᠲᠤᠷ | ᠵᠠᠯᠭᠠᠮᠵᠢᠯᠠᠵᠤ᠂ ᠰᠠᠶᠢᠲᠤᠷ ᠬᠥᠭᠵᠢᠭᠦᠯᠵᠦ᠂ ᠰᠠᠶᠢᠲᠤᠷ ᠠᠰᠢᠭᠯᠠᠵᠤ᠂ ᠬᠢᠲᠠᠳ ᠡᠮ ᠡᠮᠨᠡᠯᠭᠡ ᠶᠢᠨ ᠳᠡᠯᠡᠬᠡᠢ ᠳ᠋ᠠᠬᠢᠨ ᠳᠤ | ᠭᠠᠷᠴᠤ ᠶᠠᠪᠤᠬᠤ ᠶᠢ ᠠᠬᠢᠭᠤᠯᠬᠤ ᠬᠡᠷᠡᠭᠲᠡᠢ᠃ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠡ | ᠪᠦᠲᠦᠭᠡᠯ ᠳᠤ ᠮᠠᠨ ᠤ ᠤᠯᠤᠰ ᠤᠨ ᠬᠡᠳᠦᠨ ᠦᠶ᠎ᠡ ᠶᠢᠨ ᠰᠠᠨᠰᠠᠷᠴᠢᠳ ᠤᠨ ᠣᠶᠤᠨ ᠤᠬᠠᠭᠠᠨ ᠪᠠ ᠬᠦᠴᠦ ᠭᠦᠳᠡᠯᠮᠦᠷᠢ | ᠰᠢᠩᠭᠡᠵᠦ᠂ ᠮᠠᠨ ᠤ ᠡᠳᠡᠭᠡᠷ ᠵᠢᠯ ᠤᠳ ᠲᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠲᠠᠯ᠎ᠠ ᠪᠠᠷ ᠣᠯᠣᠭᠰᠠᠨ ᠢᠯᠡᠳᠲᠡ ᠠᠮᠵᠢᠯᠲᠠ ᠪᠦᠲᠦᠮᠵᠢ ᠶᠢ ᠨᠢᠭᠡ ᠲᠠᠯ᠎ᠠ ᠠᠴᠠ ᠬᠠᠷᠠᠭᠤᠯᠵᠠᠢ᠃ ᠣᠣᠮᠧᠨ | ᠳᠡᠭᠡᠳᠦ ᠨᠠᠷᠢᠯᠢᠭ ᠣᠷᠣᠶᠢᠯᠠᠭᠰᠠᠨ᠂ ᠳᠡᠯᠡᠬᠡᠢ ᠶᠢᠨ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠬᠢᠵᠦ | ᠴᠢᠳᠠᠨ᠎ᠠ ᠭᠡᠳᠡᠭ ᠢ ᠲᠠ ᠨᠠᠷ ᠤᠨ ᠠᠵᠢᠯ ᠭᠡᠷᠡᠴᠢᠯᠡᠵᠦ ᠪᠠᠶᠢᠨ᠎ᠠ ᠭᠡᠵᠦ ᠢᠯᠡᠳᠬᠡᠪᠡ ᠃ | 2023 ᠣᠨ ᠤ 5 ᠰᠠᠷ᠎ᠠ ᠳᠤ ᠰᠢ ᠶᠢᠨ ᠫᠢᠩ ︽ᠣᠣᠮᠧᠨ ᠤ ᠰᠢᠨᠵᠢᠯᠡᠬᠦ ᠤᠬᠠᠭᠠᠨ ᠨᠢᠭᠡᠳᠦᠭᠡᠷ ᠨᠣᠮᠧᠷᠲᠤ︾ | ᠳᠠᠭᠠᠭᠤᠯᠢ ᠤᠳᠤ ᠶᠢ ᠰᠤᠳᠤᠯᠤᠨ ᠦᠢᠯᠡᠳᠬᠦ ᠳᠤ ᠣᠷᠣᠯᠴᠠᠬᠰᠠᠨ ᠣᠣᠮᠧᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠥᠯᠥᠭᠡᠯᠡᠭᠴᠢ ᠳᠤ ᠬᠠᠷᠢᠭᠤ ᠵᠠᠬᠢᠳᠠᠯ ᠢᠯᠡᠭᠡᠵᠦ᠂ | ᠲᠡᠳᠡᠨ ᠢ ᠳᠣᠲᠣᠨᠣ ᠪᠠᠷ ᠵᠣᠷᠢᠭᠵᠢᠭᠤᠯᠵᠤ᠂ ᠣᠣᠮᠧᠨ ᠤ ᠡᠯ᠎ᠡ ᠡᠲᠡᠭᠡᠳ ᠤᠨ ᠬᠢᠨ ᠳᠤ ᠬᠠᠯᠠᠭᠤᠨ ᠲᠤᠰᠬᠠᠯ ᠭᠠᠷᠪᠠ᠃ ᠰᠢ | ᠶᠢᠨ ᠫᠢᠩ ᠣᠣᠮᠧᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠳᠠᠭᠠᠭᠤᠯᠢ ᠤᠳᠤᠨ ᠤ | ᠰᠢᠨᠵᠢᠯᠡᠬᠦ ᠤᠬᠠᠭᠠᠨ ᠪᠣᠯᠣᠨ ᠬᠡᠷᠡᠭᠯᠡᠭᠡᠨ ᠤ ᠳ᠋ᠠᠶᠢᠲ᠋ᠠ ᠶᠢᠨ ᠲᠥᠪ ᠲᠤ ᠬᠦᠷᠴᠦ᠂ ᠡᠯᠧᠺᠲᠷᠣᠨ ᠳᠡᠯᠭᠡᠴᠡ ᠪᠠᠷ ᠳᠠᠭᠠᠭᠤᠯᠢ | ᠣᠳᠣᠨ ᠤ ᠲᠤᠬᠠᠢ ᠶᠢᠨ ᠴᠠᠭ ᠤᠨ ᠠᠵᠢᠯᠯᠠᠵᠤ ᠪᠠᠶᠢᠭ᠎ᠠ ᠪᠠᠶᠢᠳᠠᠯ ᠢ ᠦᠵᠡᠵᠦ᠂ ᠲᠥᠷᠥᠯ ᠵᠦᠢᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠬᠢᠴᠠ ᠪᠠ ᠬᠡᠷᠡᠭᠯᠡᠭᠡᠨ ᠤ ᠢᠷᠡᠭᠡᠳᠦᠢ ᠶᠢ ᠣᠶᠢᠯᠠᠭᠠᠵᠤ᠂ ᠲᠤᠬᠠᠢ ᠶᠢᠨ ᠲᠠᠯᠠᠪᠠᠶ ᠳᠤ ᠪᠠᠶᠢᠭ᠎ᠠ | ᠰᠤᠳᠤᠯᠤᠭᠴᠢᠳ ᠪᠠ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠡᠨᠡ ᠪᠣᠯ | ᠣᠣᠮᠧᠨ ᠪᠣᠯᠣᠨ ᠳᠣᠲᠣᠷ ᠭᠠᠵᠠᠷ ᠤᠨ ᠬᠢᠨ ᠤ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠵᠢᠱᠢᠶ᠎ᠡ ᠪᠣᠯᠣᠨ᠎ᠠ᠂ | ᠣᠣᠮᠧᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠬᠢᠨ ᠤ ᠰᠢᠨ᠎ᠡ ᠶᠢ ᠡᠭᠦᠳᠴᠦ ᠡᠭᠦᠳᠦᠨ | ᠪᠦᠲᠦᠭᠡᠬᠦ ᠭᠠᠷᠮᠠᠭᠠᠢ ᠴᠢᠳᠠᠪᠤᠷᠢ ᠶᠢ ᠢᠯᠡᠷᠡᠭᠦᠯᠪᠡ ᠃ ᠲᠠ ᠨᠠᠷ ᠤᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠣᠶᠠᠨ | ᠤᠷᠭᠢᠯ ᠳᠤ ᠵᠣᠷᠢᠭᠲᠠᠢ ᠪᠠᠷ ᠠᠪᠠᠷᠢᠵᠤ᠂ ᠨᠡᠩ ᠰᠢᠯᠢᠳᠡᠭ ᠠᠮᠵᠢᠯᠲᠠ ᠣᠯᠵᠤ᠂ ᠣᠣᠮᠧᠨ ᠳᠤ ᠨᠡᠩ ᠰᠠᠶᠢᠨ ᠦᠢᠯᠡᠴᠢᠯᠡᠵᠦ᠂ | ᠤᠯᠤᠰ ᠣᠷᠣᠨ ᠳᠤ ᠨᠡᠩ ᠰᠠᠶᠢᠨ ᠦᠢᠯᠡᠴᠢᠯᠡᠵᠦ᠂ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠬᠦᠰᠡᠵᠦ ᠪᠠᠶᠢᠨ᠎ᠠ | ᠭᠡᠵᠦ ᠢᠯᠡᠳᠬᠡᠪᠡ᠃ | ᠲᠠᠷᠠᠭ᠎ᠠ ᠨᠢ ᠰᠢ ᠶᠢᠨ ᠫᠢᠩ ᠰᠤᠷᠭᠠᠭᠤᠯᠢ ᠶᠢᠨ ᠨᠣᠮ ᠤᠨ ᠰᠠᠩ ᠳᠤ ᠬᠦᠷᠴᠦ᠂ ︽ᠪᠦᠭᠦ ᠪᠥᠮᠪᠥᠷᠴᠡᠭ ᠤᠨ | ᠭᠠᠵᠠᠷ ᠤᠨ ᠵᠢᠷᠤᠭ ᠲᠠᠬᠢ ᠣᠣᠮᠧᠨ︾ ᠤ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠣᠯᠣᠨ | ᠣᠣᠮᠧᠨ ᠤ ᠡᠷᠲᠡᠨ ᠤ ᠭᠠᠵᠠᠷ ᠤᠨ ᠵᠢᠷᠤᠭ ᠤᠨ ᠦᠵᠡᠭᠦᠯᠭᠡ ᠶᠢ ᠲᠣᠭᠤᠷᠢᠨ ᠦᠵᠡᠵᠦ᠂ ᠨᠣᠮ ᠤᠨ ᠰᠠᠩ ᠳᠤ ᠬᠠᠳᠠᠭᠠᠯᠠᠵᠤ | ᠪᠠᠶᠢᠭ᠎ᠠ ᠬᠤᠪᠣᠷ ᠨᠠᠨᠳᠢᠨ ᠨᠣᠮ ᠪᠢᠴᠢᠭ ᠢ ᠪᠠᠶᠢᠴᠠᠭᠠᠨ ᠦᠵᠡᠪᠡ᠃ ᠲᠡᠷᠢᠭᠦᠯᠡᠭᠴᠢ ᠰᠢ ᠶᠢᠨ ᠫᠢᠩ ᠤᠨ ᠬᠦᠷᠴᠦ | ᠢᠷᠡᠭᠰᠡᠨ ᠢ ᠦᠵᠡᠭᠡᠳ ᠮᠠᠲ᠋ᠧᠷᠢᠶᠠᠯ ᠡᠷᠢᠵᠦ ᠪᠠᠶᠢᠭᠰᠠᠨ ᠰᠤᠷᠤᠬᠴᠢᠳ ᠲᠤᠶᠢᠯ ᠢᠶᠠᠷ ᠰᠡᠳᠬᠢᠯ ᠳᠣᠭᠳᠣᠯᠪᠠ᠃ ᠰᠢ ᠶᠢᠨ | ᠫᠢᠩ ᠤᠯᠠᠨ ᠠᠴᠠ ᠰᠤᠷᠤᠯᠴᠠᠵᠤ ᠪᠠᠶᠢᠭ᠎ᠠ ᠲᠤᠰᠬᠠᠢ ᠮᠡᠷᠭᠡᠵᠢᠯ᠂ ᠰᠤᠳᠤᠯᠭᠠᠨ ᠤ ᠬᠦᠷᠢᠶ᠎ᠡ ᠪᠣᠯᠣᠨ ᠠᠮᠢᠳᠤᠷᠠᠯ ᠤᠨ | ᠪᠠᠶᠢᠳᠠᠯ ᠵᠡᠷᠭᠡ ᠶᠢ ᠨᠠᠷᠢᠨ ᠠᠰᠠᠭᠤᠨ ᠯᠠᠪᠯᠠᠵᠤ᠂ ᠰᠤᠷᠤᠬᠴᠢᠳ ᠢ ᠡᠷᠬᠢᠮ ᠨᠠᠨᠳᠢᠨ ᠰᠤᠷᠤᠯᠴᠠᠬᠤ ᠴᠠᠭ ᠮᠥᠴᠡ ᠪᠠᠨ | ᠨᠠᠨᠳᠢᠩᠨᠠᠵᠤ᠂ ᠠᠰᠢᠭᠲᠠᠢ ᠮᠡᠳᠡᠯᠭᠡ ᠶᠢ ᠢᠯᠡᠭᠦᠬᠡᠨ ᠰᠢᠩᠭᠡᠬᠡᠨ ᠠᠪᠴᠤ᠂ ᠰᠦᠯᠵᠢᠶᠡᠨ ᠤ ᠡᠬᠢ ᠪᠠᠶᠠᠯᠢᠭ ᠢ ᠰᠤᠷᠤᠯᠴᠠᠯᠭ᠎ᠠ | ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠶᠢᠨ ᠬᠠᠪᠰᠤᠷᠤᠭᠴᠢ ᠪᠣᠯᠭᠠᠭᠠᠷᠠᠢ ᠭᠡᠵᠦ ᠵᠣᠷᠢᠭᠵᠢᠭᠤᠯᠪᠠ᠃ ᠨᠣᠮ ᠤᠨ | ᠰᠠᠩ ᠤᠨ ᠶᠡᠭᠡ ᠲᠢᠩᠬᠢᠮ ᠳᠤ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠬᠴᠢᠳ ᠥᠨᠳᠥᠷ ᠲᠠᠭᠤᠨ ᠢᠶᠠᠷ ᠲᠡᠷᠢᠭᠦᠯᠡᠭᠴᠢ ᠰᠢ | ᠶᠢᠨ ᠫᠢᠩ ᠤᠨ ᠠᠮᠤᠷ ᠢ ᠠᠰᠠᠭᠤᠵᠤ ᠪᠠᠶᠢᠯ᠎ᠠ᠃ | ᠰᠢ ᠶᠢᠨ ᠫᠢᠩ᠂ ᠣᠣᠮᠧᠨ ᠤ ᠰᠤᠷᠭᠠᠨ ᠬᠥᠮᠦᠵᠢᠯ ᠬᠥᠭᠵᠢᠨ ᠮᠠᠨᠳᠤᠵᠤ᠂ ᠤᠯᠠᠨ ᠢᠶᠠᠷ ᠢᠶᠠᠨ ᠴᠤᠭ ᠪᠠᠳᠠᠷᠠᠩᠭᠤᠢ᠂ | ᠢᠲᠡᠭᠡᠯ ᠲᠡᠭᠦᠯᠳᠡᠷ ᠪᠠᠶᠢᠬᠤ ᠶᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠢᠮᠠᠭᠲᠠ ᠪᠠᠶᠢᠯᠳᠤᠬᠤ ᠪᠣᠳᠣᠯᠭ᠎ᠠ ᠶᠢᠨ | ᠥᠨᠳᠥᠷᠴᠡ ᠠᠴᠠ ᠰᠤᠷᠭᠠᠨ ᠬᠥᠮᠦᠵᠢᠯ ᠢ ᠴᠢᠬᠤᠯᠠᠴᠢᠯᠠᠵᠤ᠂ ᠤᠯᠤᠰ ᠪᠠ ᠣᠣᠮᠧᠨ ᠤ ᠬᠥᠭᠵᠢᠯᠲᠡ ᠶᠢᠨ ᠬᠡᠷᠡᠭᠴᠡᠭᠡ ᠲᠠᠢ | ᠨᠢᠭᠲᠠ ᠤᠶᠠᠯᠳᠤᠭᠤᠯᠤᠨ ᠰᠢᠨᠵᠢᠯᠡᠭᠡᠨ ᠤ ᠰᠠᠯᠠᠭᠠᠨ ᠤ ᠰᠢᠰᠲ᠋ᠧᠮ ᠢ ᠪᠠᠶᠢᠷᠢᠰᠢᠭᠤᠯᠵᠤ᠂ ᠥᠨᠳᠥᠷ ᠬᠡᠪ ᠴᠢᠨᠠᠷ ᠪᠦᠬᠦᠢ | ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ᠲᠠ ᠨᠠᠷ ᠠᠯᠤᠰ ᠭᠡᠳᠤ ᠶᠢᠨ ᠬᠦᠰᠡᠯᠡᠩ ᠢ ᠪᠤᠢ ᠪᠤᠯᠭᠠᠵᠤ᠂ ᠡᠬᠡ | ᠤᠯᠤᠰ ᠲᠠᠢ ᠪᠠᠨ ᠬᠤᠪᠢ ᠵᠠᠶᠠᠭ᠎ᠠ ᠪᠠᠨ ᠬᠠᠮᠲᠤᠳᠬᠠᠨ᠂ ᠴᠠᠭ ᠦᠶ᠎ᠡ ᠲᠠᠢ ᠠᠯᠬᠤᠭ᠎ᠠ ᠪᠠᠨ ᠨᠢᠭᠡᠳᠬᠡᠵᠦ᠂ ᠥᠪᠡᠷ ᠤᠨ | ᠠᠮᠢᠳᠤᠷᠠᠬᠤᠢ ᠶᠢᠨ ᠦᠷᠳᠡᠭ ᠢᠶᠠᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠣᠣᠮᠧᠨ ᠤ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠶᠡᠭᠡ ᠰᠤᠷᠭᠠᠭᠤᠯᠢ ᠶᠢᠨ ᠮᠠᠷᠭᠠᠰᠢ ᠨᠡᠩ ᠰᠠᠶᠢᠨ᠂ ᠣᠣᠮᠧᠨ ᠤ ᠮᠠᠷᠭᠠᠰᠢ ᠨᠡᠩ ᠰᠠᠶᠢᠨ ᠪᠤᠯᠬᠤ ᠶᠢ ᠬᠦᠰᠡᠨ | ᠵᠥᠩᠨᠡᠵᠦ ᠪᠠᠶᠢᠬᠤ ᠪᠥᠭᠡᠳ ᠢᠲᠡᠭᠡᠵᠦ ᠪᠠᠶᠢᠨ᠎ᠠ ᠭᠡᠵᠦ ᠬᠡᠯᠡᠪᠡ ᠃ | ᠰᠤᠷᠭᠠᠭᠤᠯᠢ ᠠᠴᠠ ᠰᠠᠯᠬᠤ ᠦᠶ᠎ᠡ ᠳᠤ ᠵᠠᠮ ᠤᠨ ᠬᠤᠶᠠᠷ ᠲᠠᠯ᠎ᠠ ᠪᠠᠷ ᠪᠠᠭᠰᠢ ᠰᠤᠷᠤᠬᠴᠢᠳ ᠳᠦᠭᠦᠷᠲᠡᠯ᠎ᠡ ᠵᠣᠭᠰᠣᠵᠤ᠂ | ᠤᠯᠠᠨ ᠢᠶᠠᠷ ᠢᠶᠠᠨ ᠭᠠᠷ ᠳᠠᠯᠠᠯᠤᠨ ᠲᠡᠷᠢᠭᠦᠯᠡᠭᠴᠢ ᠰᠢ ᠶᠢᠨ ᠫᠢᠩ ᠢ ᠬᠠᠯᠠᠭᠤᠨ ᠢᠶᠠᠷ ᠦᠳᠡᠨ ᠮᠣᠷᠳᠠᠭᠤᠯᠪᠠ᠃ | ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠸᠠᠩ ᠳ᠋ᠦᠩ ᠹᠧᠩ᠂ ᠰᠢᠶᠠ ᠪᠦᠦ ᠯᠦᠩ | ᠨᠠᠷ ᠠᠵᠢᠯᠯᠠᠭ᠎ᠠ ᠳᠤ ᠣᠷᠣᠯᠴᠠᠵᠠᠢ᠃ | ᠲᠤᠰ ᠡᠳᠦᠷ ᠤᠨ ᠦᠳᠡ ᠶᠢᠨ ᠡᠮᠦᠨ᠎ᠡ ᠲᠡᠷᠢᠭᠦᠯᠡᠭᠴᠢ ᠰᠢ ᠶᠢᠨ ᠫᠢᠩ ᠤᠨ ᠬᠠᠳᠤᠨ ᠫᠧᠩ ᠯᠢ ᠶᠤᠸᠠᠨ ᠾᠧ ᠢ | ᠴᠧᠩ ᠤᠨ ᠬᠠᠳᠤᠨ ᠵᠧᠩ ᠰᠦ᠋ ᠵᠧᠨ ᠤ ᠪᠠᠷ᠎ᠠ ᠪᠤᠯᠤᠯᠭ᠎ᠠ ᠲᠠᠢ ᠪᠠᠷ ᠣᠣᠮᠧᠨ ᠤ ᠮᠦᠽᠧᠢ ᠪᠠᠷ ᠲᠣᠭᠤᠷᠢᠨ ᠦᠵᠡᠪᠡ᠃ | ᠫᠧᠩ ᠯᠢ ᠶᠤᠸᠠᠨ ᠮᠦᠽᠧᠢ ᠳᠤ ᠬᠠᠳᠠᠭᠠᠯᠠᠭᠳᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠨᠠᠷᠢᠨ ᠬᠢᠨᠠᠮᠠᠭᠠᠢ | ᠪᠠᠶᠢᠴᠠᠭᠠᠨ ᠦᠵᠡᠵᠦ᠂ ᠣᠣᠮᠧᠨ ᠤ ᠲᠡᠦᠬᠡ ᠶᠢᠨ ᠬᠤᠪᠢᠷᠠᠯᠲᠠ ᠪᠣᠯᠣᠨ ᠳᠤᠮᠳᠠᠳᠤ ᠡᠸᠦ᠋ᠷᠦᠫᠡ ᠶᠢᠨ ᠠᠭᠤᠰᠤᠯᠴᠠᠭᠰᠠᠨ | ᠪᠠᠷᠢᠯᠭ᠎ᠠ᠂ ᠠᠵᠢᠯ ᠲᠦᠷᠦᠯ᠂ ᠰᠣᠶᠣᠯ ᠤᠨ ᠠᠮᠢᠳᠤᠷᠠᠯ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ᠂ ᠲᠤᠬᠠᠢ ᠶᠢᠨ | ᠭᠠᠵᠠᠷ ᠤᠨ ᠱᠠᠭᠠᠵᠠᠩ ᠲᠣᠭᠤᠰᠭ᠋᠎ᠠ ᠶᠢᠨ ᠵᠢᠷᠤᠭ ᠦᠢᠯᠡᠳᠬᠦ᠂ ᠮᠣᠳᠣᠨ ᠰᠡᠶᠢᠯᠦᠮᠡᠯ ᠵᠡᠷᠭᠡ ᠪᠣᠳᠠᠰ ᠤᠨ ᠪᠤᠰᠤ ᠰᠣᠶᠣᠯ ᠤᠨ | ᠥᠪ ᠤᠨ ᠤᠯᠠᠮᠵᠢᠯᠠᠭᠴᠢ ᠲᠠᠢ ᠳᠣᠲᠣᠨᠣ ᠪᠠᠷ ᠶᠠᠷᠢᠯᠴᠠᠪᠠ᠃ | ᠮᠦᠽᠧᠢ ᠶᠢᠨ ᠭᠤᠷᠪᠠᠳᠤᠭᠠᠷ ᠳᠠᠪᠬᠤᠷᠯᠢᠭ ᠤᠨ ᠶᠡᠭᠡ ᠲᠠᠩᠬᠢᠮ ᠳᠤ ᠫᠧᠩ ᠯᠢ ᠶᠤᠸᠠᠨ ᠦᠵᠡᠰᠭᠦᠯᠡᠩ ᠢ ᠰᠣᠨᠢᠷᠬᠠᠵᠤ | ᠳᠠᠭᠤᠰᠤᠭᠰᠠᠨ ᠪᠢᠴᠢᠬᠠᠨ ᠨᠠᠶᠢᠵᠠ ᠨᠠᠷ ᠲᠠᠢ ᠲᠣᠭᠤᠷᠢᠨ ᠦᠵᠡᠭᠰᠡᠨ ᠲᠥᠷᠥᠭᠳᠡᠯ ᠢᠶᠠᠨ ᠰᠣᠯᠢᠯᠴᠠᠭᠰᠠᠨ ᠪᠥᠭᠡᠳ | ᠰᠣᠶᠣᠯ ᠤᠨ ᠪᠦᠲᠦᠭᠡᠯᠴᠢ ᠦᠢᠯᠡᠳᠬᠦᠨ ᠤ ᠵᠠᠬ᠎ᠠ ᠳᠤ ᠬᠦᠷᠴᠦ ᠰᠣᠶᠣᠯ ᠤᠨ ᠪᠦᠲᠦᠭᠡᠯᠴᠢ ᠦᠢᠯᠡᠳᠬᠦᠨ ᠤ ᠦᠵᠡᠭᠦᠯᠭᠡ ᠶᠢ | ᠰᠣᠨᠢᠷᠬᠠᠵᠤ᠂ ᠲᠤᠬᠠᠢ ᠶᠢᠨ ᠲᠠᠯᠠᠪᠠᠢ ᠳᠤ ᠭᠦᠢᠯᠡᠰᠦᠨ ᠴᠥᠮ᠎ᠡ ᠶᠢᠨ ᠪᠤᠭᠤᠷᠰᠤᠭ ᠬᠢᠬᠦ ᠳᠤ ᠣᠷᠣᠯᠴᠠᠪᠠ᠃ ᠫᠧᠩ ᠯᠢ | ᠶᠤᠸᠠᠨ ᠤᠯᠠᠨ ᠢ ᠰᠢᠯᠢᠳᠡᠭ ᠤᠯᠠᠮᠵᠢᠯᠠᠯᠲᠤ ᠰᠣᠶᠣᠯ ᠢᠶᠠᠨ ᠤᠯᠠᠮᠵᠢᠯᠠᠨ ᠵᠠᠯᠭᠠᠮᠵᠢᠯᠠᠵᠤ᠂ ᠤᠯᠤᠰ ᠢᠶᠠᠨ ᠬᠠᠶᠢᠷᠠᠯᠠᠬᠤ | ᠣᠣᠮᠧᠨ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠮᠡᠳᠡᠯᠭᠡ ᠮᠡᠷᠭᠡᠵᠢᠯ ᠢᠶᠠᠨ ᠴᠢᠷᠮᠠᠶᠢᠨ | ᠰᠤᠷᠤᠯᠴᠠᠵᠤ᠂ ᠣᠣᠮᠧᠨ ᠤ ᠪᠦᠲᠦᠭᠡᠨ ᠪᠠᠶᠢᠭᠤᠯᠤᠯᠲᠠ ᠪᠠ ᠤᠯᠤᠰ ᠤᠨ ᠬᠥᠭᠵᠢᠯᠲᠡ ᠳᠤ ᠢᠳᠡᠪᠬᠢᠲᠡᠢ ᠣᠷᠣᠯᠴᠠᠭᠠᠷᠠᠢ | ᠭᠡᠵᠦ ᠵᠣᠷᠢᠭᠵᠢᠭᠤᠯᠪᠠ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | | | | |