ᠨᠡᠶᠢᠲᠡᠯᠡᠭᠰᠡᠨ ᠴᠠᠭ᠄ 2024/12/23 | | ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ | ᠶᠢᠨ ᠫᠢᠩ 19 ᠤ ᠦᠳᠡ ᠶᠢᠨ ᠬᠤᠶᠢᠨ᠎ᠠ ᠣᠣᠮᠧᠨ ᠳᠤ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠾᠧ ᠾᠧᠦ ᠬᠤᠸᠠ ᠪᠣᠯᠣᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠤᠯ ᠤᠨ ᠵᠠᠰᠠᠭ | ᠵᠠᠬᠢᠷᠭᠠᠨ ᠤ ᠳᠠᠷᠤᠭ᠎ᠠ ᠼᠦᠢ ᠱᠢ ᠠᠨ ᠲᠠᠢ ᠠᠭᠤᠯᠵᠠᠪᠠ᠃ |  19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠳᠤ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ ᠪᠣᠯᠣᠨ ᠣᠣᠮᠧᠨ ᠣᠨᠴᠠᠭᠠᠢ ᠵᠠᠰᠠᠭ ᠵᠠᠬᠢᠷᠭᠠᠨ ᠤ | ᠣᠷᠣᠨ ᠤ ᠤᠤᠯ ᠤᠨ ᠵᠠᠰᠠᠭ ᠵᠠᠬᠢᠷᠭᠠᠨ ᠤ ᠳᠠᠷᠤᠭ᠎ᠠ ᠼᠦᠢ ᠱᠢ ᠠᠨ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ | ᠰᠢ ᠶᠢᠨ ᠫᠢᠩ ᠾᠧ ᠾᠧᠦ ᠬᠤᠸᠠ ᠪᠣᠯᠣᠨ ᠼᠦᠢ ᠱᠢ ᠠᠨ ᠳᠤ᠂ ᠡᠬᠡ ᠤᠯᠤᠰ ᠲᠠᠭᠠᠨ ᠪᠤᠴᠠᠵᠤ ᠢᠷᠡᠭᠰᠡᠨ 25 | ᠵᠢᠯ ᠤᠨ ᠲᠤᠷᠰᠢ ᠣᠣᠮᠧᠨ ᠳᠤ ᠮᠠᠰᠢ ᠶᠡᠭᠡ ᠬᠤᠪᠢᠷᠠᠯᠲᠠ ᠭᠠᠷᠴᠤ᠂ ᠠᠮᠵᠢᠯᠲᠠ ᠪᠦᠳᠦᠮᠵᠢ ᠤᠯᠠᠨ ᠤ ᠠᠩᠬᠠᠷᠤᠯ ᠢ | ᠲᠠᠲᠠᠵᠠᠢ᠃ ᠲᠠ ᠨᠠᠷ ᠤᠷᠢᠳ ᠬᠤᠵᠢᠳ ᠵᠠᠰᠠᠭ ᠵᠠᠬᠢᠷᠭᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠣᠨᠴᠠᠭᠠᠢ | ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠭᠠᠭᠤᠯᠤᠨ | ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠣᠣᠮᠧᠨ ᠤ ᠬᠥᠭᠵᠢᠯ ᠴᠡᠴᠡᠭᠯᠡᠯ ᠲᠣᠭᠲᠠᠭᠤᠨ ᠢ ᠪᠠᠲᠤᠯᠠᠵᠤ᠂ | ᠠᠳᠡᠬᠢ ᠠᠯᠤᠰ ᠭᠡᠳᠦ ᠶᠢᠨ ᠬᠥᠭᠵᠢᠯᠲᠡ ᠳᠤ ᠮᠠᠰᠢ ᠰᠠᠶᠢᠨ ᠰᠠᠭᠤᠷᠢ ᠲᠠᠯᠪᠢᠵᠤ ᠥᠭᠴᠡᠢ᠃ ᠣᠣᠮᠧᠨ ᠥᠨᠥᠳᠥᠷ ᠤᠨ | ᠰᠠᠶᠢᠨ ᠰᠠᠶᠢᠬᠠᠨ ᠪᠠᠶᠢᠳᠠᠯ ᠲᠠᠢ ᠪᠣᠯᠤᠭᠰᠠᠨ ᠳᠤ ᠲᠠ ᠨᠠᠷ ᠮᠠᠰᠢ ᠶᠡᠭᠡ ᠬᠤᠪᠢ ᠨᠡᠮᠡᠷᠢ ᠦᠵᠡᠭᠦᠯᠦᠭᠰᠡᠨ ᠶᠤᠮ ᠭᠡᠵᠦ | ᠢᠯᠡᠳᠬᠡᠪᠡ᠃ | ᠰᠢ ᠶᠢᠨ ᠫᠢᠩ᠂ ᠲᠠ ᠨᠠᠷ ᠤᠨ ᠰᠢᠨ᠎ᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠣᠨ ᠰᠢᠨ᠎ᠡ | ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠲᠡᠮᠵᠢᠵᠥ᠂ ᠤᠯᠤᠰ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠤ ᠬᠥᠭᠵᠢᠨ | ᠪᠤᠵᠠᠭᠠᠶᠢᠷᠠᠬᠤ ᠶᠢ ᠲᠡᠮᠵᠢᠵᠥ᠂ ᠣᠣᠮᠧᠨ ᠪᠣᠯᠣᠨ ᠳᠣᠲᠣᠷ᠎ᠠ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ | ᠳᠡᠯᠡᠬᠡᠢ ᠨᠡᠶᠢᠭᠡᠮ ᠳᠤ ᠲᠥᠪ ᠤᠨ ᠴᠢᠭᠯᠡᠯᠲᠡ ᠲᠦᠷᠤ ᠶᠢᠨ ᠪᠣᠳᠣᠯᠭ᠎ᠠ ᠶᠢ ᠤᠬᠠᠭᠤᠯᠵᠤ᠂ ᠣᠣᠮᠧᠨ ᠤ | ᠲᠥᠯᠦᠪᠵᠢᠭᠦᠯᠭᠡ ᠶᠢᠨ ᠵᠢᠷᠤᠭ ᠲᠥᠰᠥᠪ ᠢ ᠲᠠᠨᠢᠯᠴᠠᠭᠤᠯᠵᠤ᠂ ᠣᠣᠮᠧᠨ ᠤ ᠦᠯᠢᠭᠡᠷ ᠢ ᠰᠠᠶᠢᠲᠤᠷ ᠶᠠᠷᠢᠵᠤ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ | ᠦᠷᠭᠦᠯᠵᠢᠯᠡᠨ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠾᠧ ᠾᠧᠦ ᠬᠤᠸᠠ ᠪᠣᠯᠣᠨ ᠼᠦᠢ ᠱᠢ ᠠᠨ ᠲᠡᠷᠢᠭᠦᠯᠡᠭᠴᠢ ᠰᠢ ᠶᠢᠨ ᠫᠢᠩ ᠤᠨ ᠬᠠᠯᠠᠮᠵᠢᠯᠠᠯ ᠪᠠ | ᠵᠣᠷᠢᠭᠵᠢᠭᠤᠯᠤᠯ ᠳᠤ ᠲᠠᠯᠠᠷᠬᠠᠵᠤ᠂ ᠣᠣᠮᠧᠨ ᠪᠣᠯᠣᠨ ᠤᠯᠤᠰ ᠲᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠰᠢᠨ᠎ᠡ | ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠣᠨ ᠰᠢᠨ᠎ᠡ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠤᠨ ᠣᠷᠳᠣᠨ ᠤ ᠨᠡᠶᠢᠭᠡᠮ ᠤᠨ ᠡᠯ᠎ᠡ ᠡᠲᠡᠭᠡᠳ ᠢ ᠪᠦᠯᠬᠦᠮᠳᠡᠭᠦᠯᠦᠨ ᠳᠠᠭᠠᠭᠤᠯᠵᠤ ᠣᠣᠮᠧᠨ ᠤ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢ ᠪᠦᠭᠦ ᠬᠦᠴᠦ ᠪᠠᠷ ᠢᠶᠠᠨ ᠳᠡᠮᠵᠢᠨ᠎ᠡ ᠭᠡᠵᠦ ᠢᠯᠡᠳᠬᠡᠪᠡ᠃ | ᠼᠠᠢ ᠴᠢ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | |