ᠨᠡᠶᠢᠲᠡᠯᠡᠭᠰᠡᠨ ᠴᠠᠭ᠄ 2024/12/23 | | ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ | ᠰᠢ ᠶᠢᠨ ᠫᠢᠩ 19 ᠤ ᠦᠳᠡ ᠶᠢᠨ ᠬᠤᠶᠢᠨ᠎ᠠ ᠣᠣᠮᠧᠨ ᠳᠤ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ | ᠵᠠᠬᠢᠷᠭ᠎ᠠ᠂ ᠬᠠᠤᠯᠢ ᠲᠣᠭᠲᠠᠭᠠᠬᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠠᠢ | ᠠᠭᠤᠯᠵᠠᠪᠠ᠃ |  19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠳᠤ ᠣᠣᠮᠧᠨ ᠣᠨᠴᠠᠭᠠᠢ | ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭ᠎ᠠ᠂ ᠬᠠᠤᠯᠢ ᠲᠣᠭᠲᠠᠭᠠᠬᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠠᠢ ᠵᠢᠶᠠᠨ ᠯᠠᠨᠰᠡᠭᠦᠳᠡᠷᠯᠡᠪᠡ | | ᠰᠢ ᠶᠢᠨ ᠫᠢᠩ᠂ 5 ᠵᠢᠯ ᠤᠨ ᠲᠤᠷᠰᠢ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠤᠨ ᠳᠠᠭᠠᠭᠤᠯᠭ᠎ᠠ ᠳᠣᠣᠷ᠎ᠠ | ᠣᠣᠮᠧᠨ ᠤ ᠵᠠᠰᠠᠭ ᠵᠠᠬᠢᠷᠭ᠎ᠠ᠂ ᠬᠠᠤᠯᠢ ᠲᠣᠭᠲᠠᠭᠠᠬᠤ᠂ ᠬᠠᠤᠯᠢ ᠴᠠᠭᠠᠵᠠ ᠶᠢᠨ ᠪᠠᠶᠢᠭᠤᠯᠤᠮᠵᠢ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠢ ᠂ ᠡᠷᠡᠰ ᠭᠤᠶᠢᠪᠢᠰᠢ ᠦᠭᠡᠢ | ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠶᠢ ᠴᠢᠩᠭ᠎ᠠ ᠵᠢᠷᠤᠮᠯᠠᠨ ᠵᠠᠰᠠᠭ ᠶᠠᠪᠤᠭᠤᠯᠵᠤ᠂ | ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠠᠢ ᠶᠢ ᠡᠷᠬᠢᠮᠯᠡᠨ ᠵᠢᠳᠬᠦᠯ ᠴᠢᠷᠮᠠᠶᠢᠯᠭ᠎ᠠ ᠭᠠᠷᠭᠠᠵᠤ | ᠂ ᠣᠣᠮᠧᠨ ᠤ ᠬᠥᠭᠵᠢᠯ ᠴᠡᠴᠡᠭᠯᠡᠯ ᠲᠣᠭᠲᠠᠭᠤᠨ ᠬᠥᠭᠵᠢᠯᠲᠡ ᠳᠤ ᠶᠡᠭᠡ ᠬᠡᠮᠵᠢᠶᠡᠨ ᠤ ᠠᠵᠢᠯ ᠬᠢᠵᠦ᠂ ᠠᠮᠵᠢᠯᠲᠠ | ᠪᠦᠲᠦᠮᠵᠢ ᠢᠯᠡᠷᠬᠡᠢ ᠪᠠᠶᠢᠵᠤ ᠤᠯᠠᠨ ᠤ ᠠᠩᠬᠠᠷᠤᠯ ᠳᠤ ᠭᠦᠷᠪᠡ᠃ ᠲᠥᠪ ᠵᠠᠰᠠᠭ ᠤᠨ ᠣᠷᠳᠣᠨ ᠲᠤᠰ ᠬᠤᠭᠤᠴᠠᠭᠠᠨ ᠤ | ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠢ ᠭᠦᠢᠴᠡᠳ ᠨᠤᠲᠠᠯᠠᠵᠤ᠂ ᠳᠡᠭᠡᠳᠦ | ᠬᠡᠮᠵᠢᠶ᠎ᠡ ᠪᠠᠷ ᠦᠨᠡᠯᠡᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ ᠬᠤᠭᠤᠴᠠᠭ᠎ᠠ ᠪᠦᠷᠢ ᠶᠢᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ | ᠨᠡᠶᠢᠭᠡᠮ ᠤᠨ ᠡᠯ᠎ᠡ ᠡᠲᠡᠭᠡᠳ ᠤᠨ ᠬᠢᠨ ᠢ ᠪᠦᠯᠬᠦᠮᠳᠡᠭᠦᠯᠦᠨ ᠦᠷᠭᠦᠯᠵᠢᠯᠡᠨ ᠲᠡᠮᠡᠴᠡᠬᠦ ᠪᠠᠷ ᠲᠠᠮᠵᠢᠨ ᠣᠣᠮᠧᠨ ᠲᠠᠪᠠᠯᠳᠠᠳᠤ | ᠬᠥᠭᠵᠢᠯᠲᠡ ᠶᠢ ᠪᠡᠶᠡᠯᠡᠭᠦᠯᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠣᠣᠮᠧᠨ ᠳᠠᠬᠢ | ᠦᠢᠯᠡᠳᠦᠯᠭᠡ ᠯᠤᠲᠤ ᠶᠡᠭᠡ ᠠᠮᠵᠢᠯᠲᠠ ᠣᠯᠵᠠᠢ᠃ ᠦᠢᠯᠡᠰ ᠢ ᠦᠶ᠎ᠡ ᠦᠶ᠎ᠡ ᠶᠢᠨ ᠬᠥᠮᠥᠰ ᠵᠠᠯᠭᠠᠮᠵᠢᠯᠠᠨ ᠬᠢᠵᠦ | ᠪᠦᠲᠦᠭᠡᠭᠰᠡᠨ ᠶᠤᠮ᠃ ᠤᠯᠠᠨ ᠢᠶᠠᠷ ᠢᠶᠠᠨ ᠬᠤᠶᠢᠰᠢᠳᠠ ᠶᠠᠮᠠᠷ ᠠᠵᠢᠯ ᠤᠨ ᠪᠠᠶᠢᠷᠢ ᠳᠤ ᠪᠠᠶᠢᠭᠰᠠᠨ ᠴᠤ ᠴᠥᠮ ᠰᠢᠨ᠎ᠡ | ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠣᠨ ᠰᠢᠨ᠎ᠡ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠭᠦ ᠬᠦᠴᠦ ᠪᠠᠷ ᠢᠶᠠᠨ ᠳᠡᠮᠵᠢᠵᠦ᠂ | ᠣᠣᠮᠧᠨ ᠤ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠨᠡᠩ ᠰᠠᠶᠢᠨ ᠰᠠᠶᠢᠬᠠᠨ ᠣᠣᠮᠧᠨ ᠢ ᠪᠦᠲᠦᠭᠡᠨ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ |  19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠳᠤ ᠣᠣᠮᠧᠨ ᠣᠨᠴᠠᠭᠠᠢ | ᠵᠠᠰᠠᠭ ᠵᠠᠬᠢᠷᠭᠠᠨ ᠤ ᠣᠷᠣᠨ ᠤ ᠰᠠᠬᠢᠯᠭ᠎ᠠ ᠪᠠᠲᠤ ᠶᠢᠨ ᠴᠡᠷᠢᠭ ᠠᠩᠭᠢ ᠶᠢᠨ ᠲᠥᠯᠥᠭᠡᠯᠡᠭᠴᠢᠳ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠠᠢ ᠵᠢᠶᠠᠨ ᠯᠠᠨ ᠰᠡᠭᠦᠳᠡᠷᠯᠡᠪᠡ | ᠲᠤᠰ ᠡᠳᠦᠷ ᠤᠨ ᠦᠳᠡ ᠶᠢᠨ ᠬᠤᠶᠢᠨ᠎ᠠ ᠰᠢ ᠶᠢᠨ ᠫᠢᠩ ᠪᠠᠰᠠ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ | ᠰᠠᠬᠢᠯᠭ᠎ᠠ ᠪᠠᠲᠤ ᠶᠢᠨ ᠴᠡᠷᠢᠭ ᠠᠩᠭᠢ ᠶᠢᠨ ᠲᠥᠯᠥᠭᠡᠯᠡᠭᠴᠢᠳ ᠲᠠᠢ ᠠᠭᠤᠯᠵᠠᠪᠠ᠃ | ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠸᠠᠩ ᠳ᠋ᠦᠩ ᠹᠧᠩ᠂ ᠰᠢᠶᠠ ᠪᠦᠦ | ᠯᠦᠩ ᠨᠠᠷ ᠳᠡᠭᠡᠷᠡᠬᠢ ᠠᠭᠤᠯᠵᠠᠯᠲᠠ ᠳᠤ ᠣᠷᠣᠯᠴᠠᠪᠠ | ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ᠂ ᠲᠤᠰᠢᠶᠠᠯ ᠳᠤ | ᠭᠠᠷᠬᠤ ᠪᠠᠷ ᠪᠠᠶᠢᠭ᠎ᠠ ᠵᠠᠰᠠᠭ ᠵᠠᠬᠢᠷᠭᠠᠨ ᠤ ᠳᠠᠷᠤᠭ᠎ᠠ ᠼᠧᠨ ᠬᠤᠤ ᠬᠤᠢ ᠪᠠᠰᠠ ᠬᠤᠯᠪᠣᠭᠳᠠᠯ ᠪᠦᠬᠦᠢ ᠠᠭᠤᠯᠵᠠᠯᠲᠠ ᠳᠤ | ᠣᠷᠣᠯᠴᠠᠵᠠᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |