ᠨᠡᠶᠢᠲᠡᠯᠡᠭᠰᠡᠨ ᠴᠠᠭ᠄ 2024/12/23 | | ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠣᠮᠧᠨ ᠳᠠᠬᠢ ᠡᠯ᠎ᠡ ᠵᠦᠢᠯ ᠤᠨ ᠠᠵᠢᠯᠯᠠᠭ᠎ᠠ ᠪᠠᠨ | ᠠᠮᠵᠢᠯᠲᠠ ᠲᠠᠢ ᠲᠡᠭᠦᠰᠬᠡᠭᠡᠳ᠂ 20 ᠤ ᠦᠳᠡ ᠶᠢᠨ ᠬᠤᠶᠢᠨ᠎ᠠ ᠣᠣᠮᠧᠨ ᠠᠴᠠ ᠮᠣᠷᠳᠠᠵᠤ ᠲᠤᠰᠬᠠᠢ ᠨᠢᠰᠬᠡᠯ ᠢᠶᠠᠷ | ᠪᠡᠭᠡᠵᠢᠩ ᠳᠤ ᠪᠤᠴᠠᠵᠤ ᠢᠷᠡᠪᠡ᠃ |  12 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠣᠣᠮᠧᠨ ᠳᠠᠬᠢ ᠡᠯ᠎ᠡ ᠵᠦᠢᠯ ᠤᠨ ᠠᠵᠢᠯᠯᠠᠭ᠎ᠠ ᠪᠠᠨ ᠠᠮᠵᠢᠯᠲᠠ ᠲᠠᠢ ᠲᠡᠭᠦᠰᠬᠡᠭᠡᠳ᠂ ᠲᠤᠰᠬᠠᠢ ᠨᠢᠰᠬᠡᠯ ᠢᠶᠠᠷ ᠣᠣᠮᠧᠨ ᠠᠴᠠ | ᠠᠶᠠᠷᠯᠠᠪᠠ᠃ ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠦᠳᠡᠨ ᠮᠣᠷᠳᠠᠭᠤᠯᠬᠤ ᠪᠠᠷ ᠢᠷᠡᠭᠰᠡᠨ | ᠬᠥᠮᠥᠰ ᠵᠦᠭ ᠭᠠᠷ ᠳᠠᠯᠠᠯᠤᠨ ᠰᠠᠯᠬᠤ ᠶᠣᠰᠣ ᠭᠦᠢᠴᠡᠳᠬᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ | ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ 12 ᠰᠠᠷ᠎ᠠ ᠶᠢᠨ 18 ᠤ ᠦᠳᠡ ᠶᠢᠨ ᠬᠤᠶᠢᠨ᠎ᠠ ᠣᠣᠮᠧᠨ ᠳᠤ ᠭᠦᠷᠦᠭᠰᠡᠨ ᠪᠢᠯᠡ᠃ ᠣᠣᠮᠧᠨ ᠳᠤ | ᠪᠠᠶᠢᠬᠤ ᠬᠤᠭᠤᠴᠠᠭᠠᠨ ᠳᠠᠭᠠᠨ᠂ ᠰᠢ ᠶᠢᠨ ᠫᠢᠩ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ | ᠤᠢ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠤᠨ ᠣᠷᠳᠣᠨ ᠤ ᠤᠭᠲᠤᠬᠤ ᠦᠳᠡᠰᠢ ᠶᠢᠨ ᠳᠠᠶᠢᠯᠠᠯᠭ᠎ᠠ ᠪᠣᠯᠣᠨ ᠣᠣᠮᠧᠨ ᠤ ᠡᠬᠡ ᠤᠯᠤᠰ ᠲᠠᠭᠠᠨ | ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠳᠤ ᠣᠷᠣᠯᠴᠠᠪᠠ︔ ᠾᠧ ᠾᠧᠦ | ᠬᠤᠸᠠ᠂ ᠼᠦᠢ ᠱᠢ ᠠᠨ᠂ ᠾᠧ ᠢ ᠴᠧᠩ᠂ ᠼᠧᠨ ᠬᠤᠤ ᠬᠤᠢ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭ᠎ᠠ᠂ ᠬᠠᠤᠯᠢ ᠲᠣᠭᠲᠠᠭᠠᠬᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ | ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠠᠬᠢᠯᠭ᠎ᠠ ᠪᠠᠲᠤ ᠶᠢᠨ ᠴᠡᠷᠢᠭ ᠠᠩᠭᠢ ᠶᠢᠨ ᠲᠥᠯᠥᠭᠡᠯᠡᠭᠴᠢ᠂ | ᠣᠣᠮᠧᠨ ᠤ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠬᠥᠮᠥᠰ ᠲᠠᠢ ᠠᠭᠤᠯᠵᠠᠪᠠ︔ ᠣᠣᠮᠧᠨ ᠳᠤ ᠰᠠᠭᠤᠭ᠎ᠠ | ᠲᠥᠪ ᠤᠨ ᠪᠠᠶᠢᠭᠤᠯᠤᠮᠵᠢ ᠪᠣᠯᠣᠨ ᠭᠤᠣᠯ ᠪᠤᠯᠬᠤ ᠳᠤᠮᠳᠠᠳᠤ ᠶᠢᠨ ᠪᠡᠯᠡ ᠣᠷᠣᠭᠤᠯᠤᠭᠰᠠᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠢ ᠪᠣᠯᠭᠤᠭᠠᠨ ᠦᠵᠡᠪᠡ︔ ᠣᠣᠮᠧᠨ ᠳᠤ ᠰᠠᠭᠤᠭ᠎ᠠ ᠴᠡᠷᠢᠭ ᠠᠩᠭᠢ ᠶᠢ ᠪᠠᠶᠢᠴᠠᠭᠠᠨ ᠦᠵᠡᠪᠡ︔ | ᠣᠣᠮᠧᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠣᠯᠣᠨ ᠾᠧᠩ ᠴᠢᠨ ᠳᠠᠬᠢ ᠭᠤᠸᠠᠩᠳᠦ᠋ᠩ | ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠢᠶᠠᠷ ᠰᠢᠨᠵᠢᠯᠡᠨ ᠪᠠᠶᠢᠴᠠᠭᠠᠵᠤ᠂ ᠣᠣᠮᠧᠨ ᠤ ᠠᠷᠠᠳ ᠤᠯᠠᠨ ᠲᠠᠢ | ᠥᠷᠭᠡᠨ ᠢᠶᠠᠷ ᠬᠠᠷᠢᠯᠴᠠᠵᠤ ᠶᠠᠷᠢᠯᠴᠠᠨ ᠰᠣᠯᠢᠯᠴᠠᠪᠠ᠃ ᠰᠢ ᠶᠢᠨ ᠫᠢᠩ ᠪᠠᠰᠠ ᠪᠡᠯᠭᠡᠯᠡᠬᠦ ᠠᠵᠢᠯᠯᠠᠭ᠎ᠠ ᠳᠤ ᠣᠷᠤᠯᠴᠠᠬᠤ ᠪᠠᠷ | ᠢᠷᠡᠭᠰᠡᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ | ᠠᠭᠤᠯᠵᠠᠪᠠ᠃ | ᠦᠳᠡᠨ ᠮᠣᠷᠳᠠᠭᠤᠯᠬᠤ ᠶᠣᠰᠣᠯᠠᠯ ᠳᠡᠭᠡᠷ᠎ᠡ᠂ ᠣᠣᠮᠧᠨ ᠤ ᠪᠠᠭᠠᠴᠤᠳ ᠬᠡᠦᠬᠡᠳ ᠰᠢ ᠶᠢᠨ ᠫᠢᠩ ᠪᠣᠯᠣᠨ ᠬᠠᠳᠤᠨ ᠫᠧᠩ | ᠯᠢ ᠶᠤᠸᠠᠨ ᠳᠤ ᠰᠣᠷᠭᠤᠭ ᠴᠡᠴᠡᠭ ᠬᠦᠷᠭᠡᠪᠡ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠦᠳᠡᠨ | ᠮᠣᠷᠳᠠᠭᠤᠯᠬᠤ ᠪᠠᠷ ᠢᠷᠡᠭᠰᠡᠨ ᠬᠥᠮᠥᠰ ᠲᠠᠢ ᠨᠢᠭᠡᠳ ᠨᠢᠭᠡ ᠪᠠᠷ ᠭᠠᠷ ᠠᠳᠬᠤᠵᠤ᠂ ᠦᠳᠡᠨ ᠮᠣᠷᠳᠠᠭᠤᠯᠬᠤ ᠡᠩᠨᠡᠭᠡ ᠶᠢᠨ | ᠵᠦᠭ ᠭᠠᠷ ᠳᠠᠯᠠᠯᠤᠨ ᠰᠠᠯᠬᠤ ᠶᠣᠰᠣ ᠭᠦᠢᠴᠡᠳᠬᠡᠪᠡ᠃ | ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠸᠠᠩ ᠳ᠋ᠦᠩ ᠹᠧᠩ ᠨᠠᠷ ᠨᠢᠭᠡ ᠨᠢᠰᠬᠡᠯ ᠢᠶᠠᠷ | ᠣᠣᠮᠧᠨ ᠠᠴᠠ ᠮᠣᠷᠳᠠᠪᠠ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | |