ᠪᠤᠭᠤᠮᠲᠠ ᠶᠢᠨ ᠭᠠᠶᠢᠯᠢ ᠶᠢᠨ ᠬᠠᠤᠯᠢ | 4 ᠰᠠᠷ᠎ᠠ ᠶᠢᠨ 26 ᠤ ᠡᠳᠦᠷ ᠪᠣᠭᠤᠮᠲᠠ ᠶᠢᠨ ᠭᠠᠶᠢᠯᠢ ᠶᠢᠨ ᠬᠠᠤᠯᠢ ᠶᠢ ᠪᠠᠲᠤᠯᠠᠵᠤ᠂ 2024 ᠣᠨ ᠤ 12 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠮᠠᠨ ᠤ ᠤᠯᠤᠰ ᠤᠨ ᠲᠣᠭᠲᠠᠭᠠᠭᠰᠠᠨ ᠪᠣᠭᠤᠮᠲᠠ ᠶᠢᠨ | ᠭᠠᠶᠢᠯᠢ ᠶᠢᠨ ᠲᠤᠰᠬᠠᠢ ᠬᠠᠤᠯᠢ ᠪᠣᠯᠣᠭᠰᠠᠨ ᠤ ᠬᠤᠪᠢ ᠳᠤ᠂ ᠪᠣᠭᠤᠮᠲᠠ ᠶᠢᠨ ᠭᠠᠶᠢᠯᠢ ᠶᠢᠨ ᠬᠠᠤᠯᠢ ᠨᠢ ᠣᠳᠣ ᠶᠢᠨ | ᠬᠡᠷᠡᠭᠵᠢᠭᠦᠯᠵᠦ ᠪᠠᠶᠢᠭ᠎ᠠ ᠪᠣᠭᠤᠮᠲᠠ ᠶᠢᠨ ᠭᠠᠶᠢᠯᠢ ᠲᠠᠲᠠᠪᠤᠷᠢ ᠶᠢᠨ ᠳᠦᠷᠢᠮ ᠢ ᠦᠨᠳᠦᠰᠦᠨ ᠳᠤᠨᠢ ᠲᠣᠭᠲᠠᠭᠤᠨ | ᠪᠠᠶᠢᠯᠭᠠᠵᠤ᠂ ᠭᠠᠶᠢᠯᠢ ᠶᠢᠨ ᠡᠭᠦᠷᠭᠡᠯᠡᠬᠦ ᠬᠢᠷᠢ ᠬᠡᠮᠵᠢᠶ᠎ᠡ ᠶᠢ ᠶᠡᠷᠦᠩᠬᠡᠢ ᠳᠤᠨᠢ ᠬᠤᠪᠢᠷᠠᠭᠤᠯᠬᠤ ᠦᠭᠡᠢ ᠪᠠᠢᠬᠤ ᠶᠢ | ᠪᠠᠲᠤᠯᠠᠵᠤ᠂ ᠣᠳᠣ ᠶᠢᠨ ᠬᠡᠷᠡᠭᠵᠢᠭᠦᠯᠵᠦ ᠪᠠᠢᠭ᠎ᠠ ᠳᠦᠷᠢᠮ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ | ᠠᠭᠤᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠬᠠᠤᠯᠢ ᠴᠠᠭᠠᠵᠠ ᠪᠣᠯᠭᠠᠵᠤ ᠳᠡᠪᠰᠢᠭᠦᠯᠦᠨ᠎ᠡ᠃ ᠪᠣᠭᠤᠮᠲᠠ ᠶᠢᠨ | ᠭᠠᠶᠢᠯᠢ ᠶᠢᠨ ᠬᠠᠤᠯᠢ ᠨᠡᠶᠢᠲᠡ 7 ᠪᠦᠯᠦᠭ ᠪᠠᠶᠢᠵᠤ᠂ ᠶᠡᠷᠦᠩᠬᠡᠶ ᠳᠦᠷᠢᠮ᠂ ᠭᠠᠶᠢᠯᠢ ᠶᠢᠨ ᠵᠦᠢᠯ ᠪᠠ ᠭᠠᠶᠢᠯᠢ ᠶᠢᠨ | ᠨᠣᠷᠮ᠎ᠠ᠂ ᠲᠤᠰᠢᠶᠠᠬᠤ ᠶᠣᠰᠣᠲᠠᠶ ᠭᠠᠶᠢᠯᠢ ᠶᠢᠨ ᠨᠣᠷᠮ᠎ᠠ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠪᠠ ᠣᠨᠴᠠᠭᠠᠶ | ᠪᠠᠶᠢᠳᠠᠯ ᠤᠨ ᠪᠣᠭᠤᠮᠲᠠ ᠶᠢᠨ ᠭᠠᠶᠢᠯᠢ ᠲᠠᠲᠠᠪᠤᠷᠢᠯᠠᠬᠤ᠂ ᠲᠠᠲᠠᠪᠤᠷᠢᠯᠠᠵᠤ ᠬᠠᠮᠢᠶᠠᠷᠬᠤ᠂ ᠬᠠᠤᠯᠢ ᠴᠠᠭᠠᠵᠠ ᠶᠢᠨ | ᠬᠠᠷᠢᠭᠤᠴᠠᠯᠭ᠎ᠠ᠂ ᠳᠠᠭᠠᠯᠳᠤᠭᠤᠯᠤᠭᠰᠠᠨ ᠳᠦᠷᠢᠮ ᠪᠠᠭᠲᠠᠨ᠎ᠠ᠃ ᠪᠤᠬᠤᠮᠲᠠ ᠶᠢᠨ ᠭᠠᠶᠢᠯᠢ ᠶᠢᠨ ᠬᠠᠤᠯᠢ ᠶᠢ | ᠲᠤᠭᠳᠠᠭᠠᠵᠤ ᠨᠡᠶᠢᠲᠡᠯᠡᠬᠦ ᠶᠢ ᠲᠠᠭᠠᠯᠳᠤᠨ᠂ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ 18 | ᠭᠠᠶᠢᠯᠢ ᠶᠢᠨ ᠲᠥᠷᠥᠯ ᠤᠨ ᠳᠤᠲᠤᠷ᠎ᠠ 13 ᠭᠠᠶᠢᠯᠢ ᠶᠢᠨ ᠵᠦᠢᠯ ᠨᠢ ᠬᠠᠤᠯᠢ ᠲᠤᠭᠲᠠᠬᠠᠵᠤ᠂ ᠭᠠᠶᠢᠯᠢ | ᠲᠠᠲᠠᠪᠤᠷᠢ ᠶᠢᠨ ᠬᠠᠤᠯᠢ ᠲᠤᠭᠲᠠᠬᠠᠬᠤ ᠶᠢ ᠳᠠᠬᠢᠨ ᠨᠢᠭᠡ ᠱᠠᠳᠤᠨ ᠳᠤ ᠠᠬᠢᠭᠤᠯᠪᠠ᠃ | | ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ | ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠲᠦᠷᠦᠭᠦᠬᠡᠨ ︽ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ | ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠠᠯᠪᠠᠨ ᠵᠠᠷ︾ ᠨᠡᠶᠢᠲᠡᠯᠡᠵᠦ᠂ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠳᠡᠮᠵᠢᠬᠦ ᠣᠯᠠᠨ ᠵᠦᠢᠯ ᠤᠨ | ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠶ ᠲᠣᠭᠲᠠᠭᠠᠵᠤ᠂ 2024 ᠣᠨ ᠤ | 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠭᠡᠷ᠎ᠡ ᠶᠢᠨ ᠭᠠᠶᠢᠯᠢ ᠶᠢᠨ ᠲᠠᠯ᠎ᠠ ᠪᠠᠷ᠂ | ᠣᠳᠣ ᠶᠢᠨ ᠬᠡᠷᠡᠭᠵᠢᠭᠦᠯᠵᠦ ᠪᠠᠶᠢᠭ᠎ᠠ 1% ᠶᠢᠨ ᠳᠣᠤᠷ᠎ᠠ ᠭᠠᠶᠢᠯᠢ ᠶᠢᠨ ᠨᠣᠷᠮ᠎ᠠ ᠶᠢᠨ ᠬᠠᠷᠠᠭᠠᠯᠵᠠᠯ ᠬᠦᠷᠲᠡᠬᠦ | ᠲᠠᠯᠠᠪᠠᠶ ᠶᠢᠨ ᠪᠠᠷᠢᠮᠵᠢᠶ᠎ᠠ ᠶᠢ 90 ᠲᠡᠭᠰᠢ ᠳᠥᠷᠪᠡᠯᠵᠢᠨ ᠮᠧᠲᠷ ᠠᠴᠠ 140 ᠲᠡᠭᠰᠢ ᠳᠥᠷᠪᠡᠯᠵᠢᠨ ᠮᠧᠲᠷ ᠪᠣᠯᠭᠠᠨ | ᠳᠡᠭᠡᠭᠰᠢᠯᠡᠭᠦᠯᠬᠦ ᠶᠢᠨ ᠬᠠᠮᠲᠤ᠂ ᠪᠡᠭᠡᠵᠢᠩ᠂ ᠱᠠᠩᠬᠠᠶ᠂ ᠭᠤᠸᠠᠩᠵᠧᠦ᠂ ᠱᠧᠨᠵᠧᠨ ᠵᠡᠷᠭᠡ 4 ᠬᠤᠲᠠ ᠨᠢ ᠪᠤᠰᠤᠳ | ᠭᠠᠵᠠᠷ ᠣᠷᠣᠨ ᠯᠤᠭ᠎ᠠ ᠭᠡᠷ ᠪᠦᠯᠢ ᠶᠢᠨ ᠬᠤᠶᠠᠳᠤᠭᠠᠷ ᠢᠵᠢ ᠣᠷᠣᠨ ᠰᠠᠭᠤᠴᠠ ᠶᠢᠨ ᠭᠡᠷ᠎ᠡ ᠶᠢᠨ ᠭᠠᠶᠢᠯᠢ ᠶᠢᠨ | ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ᠎ᠠ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠪᠦᠬᠦ | ᠤᠯᠤᠰ ᠤᠨ ᠬᠡᠪᠴᠢᠶᠡᠨ ᠳᠤ ᠬᠤᠪᠢ ᠬᠥᠮᠥᠨ ᠭᠡᠷ ᠪᠦᠯᠢ ᠶᠢᠨ ᠴᠣᠷ ᠤᠨ ᠭᠠᠭᠴᠠ ᠣᠷᠣᠨ ᠰᠠᠭᠤᠴᠠ ᠪᠠ ᠭᠡᠷ | ᠪᠦᠯᠢ ᠶᠢᠨ ᠬᠤᠶᠠᠳᠤᠭᠠᠷ ᠣᠷᠣᠨ ᠰᠠᠭᠤᠴᠠ ᠶᠢ ᠬᠤᠳᠠᠯᠳᠤᠨ ᠠᠪᠬᠤ ᠳᠤ᠂ ᠲᠠᠯᠠᠪᠠᠢ ᠨᠢ 140 ᠲᠡᠭᠰᠢ | ᠳᠥᠷᠪᠡᠯᠵᠢᠨ ᠮᠧᠲᠷ ᠢ ᠬᠡᠲᠦᠷᠡᠬᠦ ᠦᠭᠡᠢ ᠪᠣᠯ ᠭᠡᠷ᠎ᠡ ᠶᠢᠨ ᠭᠠᠶᠢᠯᠢ ᠶᠢ ᠨᠢᠭᠡᠳᠦᠯᠲᠡᠢ ᠲᠤᠰᠢᠶᠠᠨ᠎ᠠ᠃ ᠥᠷᠲᠡᠭ ᠤᠨ | ᠨᠡᠮᠡᠭᠳᠡᠯ ᠤᠨ ᠭᠠᠶᠢᠯᠢ ᠶᠢᠨ ᠲᠠᠯ᠎ᠠ ᠪᠠᠷ᠂ ᠬᠤᠲᠠ ᠳᠤ ᠡᠩ ᠤᠨ ᠣᠷᠣᠨ ᠰᠠᠭᠤᠴᠠ ᠶᠢᠨ ᠪᠠᠷᠢᠮᠵᠢᠶ᠎ᠠ ᠶᠢ | ᠦᠭᠡᠶᠢᠰᠬᠡᠭᠰᠡᠨ ᠤ ᠳᠠᠷᠠᠭ᠎ᠠ᠂ ᠬᠤᠪᠢ ᠬᠥᠮᠦᠨ ᠤ ᠪᠣᠷᠣᠯᠠᠭᠤᠯᠤᠨ ᠬᠤᠳᠠᠯᠳᠤᠭᠰᠠᠨ ᠭᠡᠷ ᠪᠠᠶᠢᠰᠢᠩ ᠢ ᠬᠤᠳᠠᠯᠳᠤᠨ | ᠠᠪᠤᠭᠠᠳ ᠨᠢᠭᠡᠨᠳᠡ 2 ᠵᠢᠯ ᠠᠴᠠ ᠳᠡᠭᠡᠭᠰᠢ ︵2 ᠵᠢᠯ ᠪᠠᠭᠲᠠᠨ᠎ᠠ︶ ᠪᠤᠯᠤᠭᠰᠠᠨ ᠣᠷᠣᠨ ᠰᠠᠭᠤᠴᠠ ᠶᠢ ᠨᠡᠮᠡᠭᠳᠡᠯ | ᠥᠷᠲᠡᠭ ᠤᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠡᠩ ᠤᠨ ᠣᠷᠣᠨ ᠰᠠᠭᠤᠴᠠ ᠪᠠ ᠡᠩ ᠤᠨ ᠪᠤᠰᠤ | ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠭᠰᠠᠨ ᠬᠤᠲᠠ ᠳᠤ᠂ ᠭᠠᠶᠢᠯᠢ ᠲᠤᠰᠢᠶᠠᠭᠴᠢ ᠶᠢᠨ | ᠪᠠᠶᠢᠭᠤᠯᠵᠤ ᠪᠣᠷᠣᠯᠠᠭᠤᠯᠤᠭᠰᠠᠨ ᠥᠷᠲᠡᠭ ᠤᠨ ᠨᠡᠮᠡᠭᠳᠡᠯ ᠤᠨ ᠲᠤᠭ᠎ᠠ ᠨᠢ ᠰᠠᠭᠤᠯᠭᠠᠨ ᠠᠪᠴᠤ ᠭᠠᠷᠭᠠᠭᠰᠠᠨ ᠲᠥᠷᠥᠯ | ᠵᠦᠢᠯ ᠤᠨ ᠵᠣᠭᠤᠰ ᠤᠨ ᠲᠤᠭ᠎ᠠ ᠶᠢᠨ 20% ᠠᠴᠠ ᠬᠡᠳᠦᠷᠡᠬᠦ ᠦᠭᠡᠢ ᠡᠩ ᠤᠨ ᠪᠠᠷᠢᠮᠵᠢᠶᠠᠲᠤ ᠣᠷᠣᠨ ᠰᠠᠭᠤᠴᠠ | ᠠᠴᠠ ᠭᠠᠵᠠᠷ ᠰᠢᠷᠣᠶ ᠶᠢᠨ ᠥᠷᠲᠡᠭ ᠤᠨ ᠭᠠᠶᠢᠯᠢ ᠶᠢ ᠦᠷᠭᠦᠯᠵᠢᠯᠡᠨ ᠲᠠᠲᠠᠪᠤᠷᠢᠯᠠᠬᠤ ᠦᠭᠡᠢ᠃ | | ᠣᠯᠥᠰ ᠠᠴᠠ ᠣᠯᠡᠨ ᠨᠡᠶᠢᠳᠡ ᠶᠢᠨ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠶᠢ ᠣᠷᠢᠳᠡᠪᠡᠷ ᠰᠣᠩᠭᠤᠬᠤ ᠶᠢ | ᠵᠣᠷᠢᠠᠠᠵᠢᠭᠤᠯᠬᠤ ᠪᠠ ᠬᠦᠳᠦᠯᠥᠨ ᠵᠢᠯᠥᠭᠤᠳᠣᠨ᠎ᠠ | ︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠷᠢᠮ︾ ᠢ 2024 ᠣᠨ ᠤ 12 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ | ᠭᠡᠳᠡᠭ ᠨᠢ ᠬᠤᠲᠠ ᠶᠢᠨ ᠠᠷᠠᠳ ᠵᠠᠰᠠᠭ ᠤᠨ ᠣᠷᠳᠣᠨ ᠤ ᠲᠣᠭᠲᠠᠭᠠᠭᠰᠠᠨ ᠣᠷᠣᠨ ᠪᠦᠰᠡ ᠳᠣᠲᠣᠷ᠎ᠠ ᠣᠯᠠᠨ | ᠨᠡᠶᠢᠲᠡ ᠶᠢᠨ ᠮᠠᠰᠢᠨ ᠲᠡᠷᠭᠡ᠂ ᠬᠤᠲᠠ ᠶᠢᠨ ᠲᠡᠮᠦᠷ ᠵᠠᠮᠲᠤ ᠵᠠᠮ ᠬᠠᠷᠢᠯᠴᠠᠭᠠᠨ ᠤ ᠲᠡᠷᠭᠡ ᠬᠥᠰᠬᠡ ᠵᠡᠷᠭᠡ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠤᠨ ᠬᠤᠯᠪᠣᠭᠳᠠᠯ ᠪᠦᠬᠦᠢ ᠰᠢᠰᠲ᠋ᠧᠮ᠂ ᠪᠡᠯᠡᠳᠬᠡᠮᠵᠢ ᠶᠢ | ᠠᠰᠢᠭᠯᠠᠨ᠂ ᠬᠢᠨᠠᠨ ᠲᠣᠭᠲᠠᠭᠠᠭᠰᠠᠨ ᠵᠠᠮ ᠱᠤᠭᠤᠮ᠂ ᠥᠷᠲᠡᠭᠡ ᠴᠢᠭ᠂ ᠴᠠᠭ᠂ ᠪᠢᠯᠧᠲ ᠤᠨ ᠦᠨ᠎ᠡ ᠵᠡᠷᠭᠡ ᠶᠢᠨ | ᠶᠣᠰᠣᠭᠠᠷ ᠲᠡᠭᠡᠭᠡᠪᠦᠷᠢ ᠡᠵᠡᠩᠨᠡᠵᠦ᠂ ᠣᠯᠠᠨ ᠨᠡᠶᠢᠲᠡ ᠳᠤ ᠦᠨᠳᠦᠰᠦᠨ ᠶᠠᠪᠤᠵᠤ ᠰᠠᠭᠤᠬᠤ ᠦᠢᠯᠡᠴᠢᠯᠡᠭᠡ | ᠬᠠᠩᠭᠠᠬᠤ ᠶᠢ ᠵᠢᠭᠠᠵᠤ ᠪᠤᠶ᠃ ᠤᠯᠤᠰ ᠠᠴᠠ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠮᠠᠰᠢᠨ ᠢᠶᠠᠷ ᠶᠠᠪᠤᠵᠤ | ᠰᠠᠭᠤᠬᠤ ᠠᠷᠭ᠎ᠠ ᠮᠠᠶ᠋ᠢᠭ ᠪᠣᠯᠭᠠᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠤᠯᠤᠰ ᠠᠴᠠ ᠰᠢᠨ᠎ᠡ | ᠮᠡᠷᠭᠡᠵᠢᠯ᠂ ᠰᠢᠨ᠎ᠡ ᠡᠨᠧᠷᠭᠢ᠂ ᠰᠢᠨ᠎ᠡ ᠲᠣᠨᠤᠭ ᠲᠥᠬᠦᠭᠡᠷᠦᠮᠵᠢ ᠶᠢ ᠬᠤᠲᠠ ᠶᠢᠨ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠰᠢᠰᠲ᠋ᠧᠮ ᠳᠤ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠵᠦ᠂ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠮᠡᠳᠡᠭᠡ ᠵᠠᠩᠭᠢᠵᠢᠯᠲᠠ᠂ ᠤᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠣᠬᠢᠷᠲᠤᠯ ᠦᠭᠡᠶ ᠪᠥᠭᠡᠳ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠠᠵᠢᠯᠯᠠᠭᠠᠨ ᠤ ᠦᠷ᠎ᠡ ᠪᠦᠲᠦᠮᠵᠢ ᠪᠣᠯᠤᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠳ ᠲᠡᠭᠦᠨ ᠤ ᠡᠵᠡᠩᠨᠡᠵᠦ ᠪᠠᠶᠢᠭ᠎ᠠ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢᠶᠠᠨ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠰᠢᠯᠵᠢᠭᠦᠯᠦᠨ ᠥᠭᠬᠦ᠂ ᠲᠦᠷᠢᠶᠡᠰᠦᠯᠡᠭᠦᠯᠦᠨ ᠥᠭᠴᠦ ᠪᠣᠯᠬᠤ ᠦᠭᠡᠢ︔ | ᠡᠵᠡᠩᠨᠡᠯᠲᠡ ᠶᠢᠨ ᠵᠠᠮ ᠱᠤᠭᠤᠮ᠂ ᠵᠣᠭᠰᠣᠬᠤ ᠥᠷᠲᠡᠭᠡ ᠴᠡᠭ᠂ ᠡᠵᠡᠩᠨᠡᠬᠦ ᠴᠠᠭ ᠢ ᠳᠤᠷ᠎ᠠ ᠪᠠᠷ ᠢᠶᠠᠨ ᠬᠤᠪᠢᠷᠠᠭᠤᠯᠬᠤ | ᠪᠤᠶᠤ ᠡᠵᠡᠩᠨᠡᠯᠲᠡ ᠶᠢᠨ ᠦᠢᠯᠡᠴᠢᠯᠡᠭᠡ ᠪᠠᠨ ᠲᠠᠰᠤᠯᠳᠠᠭᠤᠯᠵᠤ ᠪᠣᠯᠬᠤ ᠦᠭᠡᠢ᠃ | | ᠨᠢᠰᠭᠡᠯ ᠤᠨ ᠪᠢᠯᠧᠲ ᠤᠨ ᠳᠠᠩᠰᠠ ᠲᠠᠶᠢᠯᠠᠬᠤ ᠳᠤ ᠨᠡᠩ ᠳᠥᠭᠦᠮ ᠡᠯᠧᠺᠲᠷᠣᠨ ᠪᠠᠷᠢᠮᠲᠠ ᠲᠠᠢ ᠪᠤᠯᠵᠡᠢ | ᠲᠦᠷᠦᠭᠦᠬᠡᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ | ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠬᠠᠮᠲᠤᠷᠠᠨ ᠠᠯᠪᠠᠨ ᠵᠠᠷ ᠨᠡᠶᠢᠲᠡᠯᠡᠵᠦ᠂ 2024 ᠣᠨ ᠤ | 12 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠬᠦᠷᠢᠶᠡᠨ ᠳᠤ ᠪᠥᠬᠦ ᠲᠠᠯ᠎ᠠ ᠶᠢᠨ ᠲᠣᠭᠠᠴᠢᠯᠠᠭᠰᠠᠨ ᠡᠯᠧᠺᠲᠷᠣᠨ | ᠪᠠᠷᠢᠮᠲᠠ — ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠡᠯᠧᠺᠲᠷᠣᠨ ᠪᠢᠯᠧᠲ ᠤᠨ ᠠᠶᠠᠯᠠᠯ ᠤᠨ ᠬᠠᠭᠤᠳᠠᠰᠤ ᠶᠢ | ᠳᠡᠯᠭᠡᠷᠡᠭᠦᠯᠦᠨ ᠬᠡᠷᠡᠭᠯᠡᠨ᠎ᠡ ᠭᠡᠵᠡᠶ᠃ ᠠᠶᠠᠨᠴᠢᠳ ᠬᠤᠳᠠᠯᠳᠤᠨ ᠠᠪᠤᠭᠰᠠᠨ ᠨᠢᠰᠬᠡᠯ ᠤᠨ ᠪᠢᠯᠧᠲ ᠤᠨ ᠪᠥᠬᠦ | ᠠᠶᠠᠯᠠᠯ ᠤᠨ ᠠᠵᠢᠯ ᠳᠠᠭᠤᠰᠤᠭᠰᠠᠨ ᠤ ᠳᠠᠷᠠᠭ᠎ᠠ 180 ᠡᠳᠦᠷ ᠳᠣᠲᠣᠷ᠎ᠠ᠂ ᠠᠭᠠᠷ ᠤᠨ ᠲᠡᠭᠡᠭᠡᠪᠦᠷᠢ ᠶᠢᠨ ᠠᠵᠤ | ᠠᠬᠤᠶᠢᠯᠠᠯ ᠪᠤᠶᠤ ᠣᠷᠣᠯᠠᠬᠤ ᠠᠵᠤ ᠠᠬᠤᠶᠢᠯᠠᠯ ᠤᠨ ᠠᠯᠪᠠᠨ ᠤ ᠰᠦᠯᠵᠢᠶ᠎ᠡ᠂ ᠰᠢᠯᠵᠢᠮᠡᠯ ᠬᠡᠷᠡᠭᠯᠡᠭᠴᠢ ᠶᠢᠨ ᠲᠠᠪᠴᠠᠩ | ᠂ ᠦᠢᠯᠡᠴᠢᠯᠡᠭᠡᠨ ᠤ ᠤᠳᠠᠰᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠡᠯᠧᠺᠲᠷᠣᠨ ᠠᠶᠠᠯᠠᠯ ᠤᠨ ᠬᠠᠭᠤᠳᠠᠰᠤ | ᠠᠪᠬᠤ ᠪᠠᠷ ᠭᠤᠶᠤᠴᠢᠯᠠᠵᠤ ᠪᠣᠯᠤᠨ᠎ᠠ᠂ ᠪᠢᠯᠧᠲ ᠪᠤᠴᠠᠭᠠᠬᠤ᠂ ᠰᠠᠭᠤᠳᠠᠯ ᠰᠣᠩᠭᠤᠬᠤ᠂ ᠬᠦᠨᠳᠦ ᠨᠢ ᠬᠡᠳᠦᠷᠡᠭᠰᠡᠨ | ᠪᠤᠭᠤᠳᠠᠯ ᠲᠡᠭᠡᠭᠡᠰᠢ ᠵᠡᠷᠭᠡ ᠨᠡᠮᠡᠯᠲᠡ ᠦᠢᠯᠡᠴᠢᠯᠡᠭᠡ ᠶᠢ ᠪᠠᠭᠲᠠᠭᠠᠬᠤ ᠥᠬᠡᠶ︔ 180 ᠡᠳᠦᠷ ᠠᠴᠠ ᠬᠡᠲᠦᠷᠡᠭᠰᠡᠨ | ᠪᠠᠶᠢᠪᠠᠯ᠂ ᠠᠶᠠᠨᠴᠢᠳ ᠪᠣᠯᠤᠨ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠪᠣᠯᠵᠣᠨ ᠲᠣᠭᠲᠠᠭᠰᠠᠨ | ᠶᠣᠰᠣᠭᠠᠷ ᠬᠡᠷᠡᠭᠵᠢᠭᠦᠯᠬᠦ ᠬᠡᠷᠡᠭᠲᠡᠶ᠃ ᠠᠶᠠᠨᠴᠢᠳ ᠣᠯᠠᠨ ᠤᠯᠤᠰ ᠵᠢᠴᠢ ᠰᠢᠶᠠᠩᠭᠠᠩ ᠣᠣᠮᠧᠨ ᠲᠠᠶᠢᠸᠠᠨ ᠤ ᠭᠠᠵᠠᠷ | ᠣᠷᠣᠨ ᠤ ᠠᠭᠠᠷ ᠤᠨ ᠠᠶᠠᠯᠠᠯ ᠤᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ᠳᠤ | ᠡᠯᠧᠺᠲᠷᠣᠨ ᠠᠶᠠᠯᠠᠯ ᠤᠨ ᠬᠠᠭᠤᠳᠠᠰᠤ ᠠᠪᠬᠤ ᠶᠢ ᠲᠦᠷ ᠳᠡᠮᠵᠢᠬᠦ ᠦᠭᠡᠢ᠃ ᠠᠭᠠᠷ ᠤᠨ ᠲᠡᠭᠡᠭᠡᠪᠦᠷᠢ ᠶᠢᠨ ᠠᠵᠤ | ᠠᠬᠤᠶᠢᠯᠠᠯ ᠪᠤᠶᠤ ᠣᠷᠣᠯᠠᠬᠤ ᠠᠵᠤ ᠠᠬᠤᠶᠢᠯᠠᠯ ᠨᠢ ᠠᠶᠠᠨᠴᠢᠳ ᠤᠨ ᠬᠠᠩᠭᠠᠭᠰᠠᠨ ᠬᠤᠳᠠᠯᠳᠤᠨ ᠠᠪᠬᠤ ᠲᠠᠯ᠎ᠠ ᠶᠢᠨ | ᠨᠡᠷᠡᠶᠢᠳᠦᠯ᠂ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠪᠣᠯᠤᠨ ᠠᠶᠠᠯᠠᠯ ᠤᠨ ᠮᠡᠳᠡᠭᠡ ᠵᠠᠩᠭᠢ | ᠵᠡᠷᠭᠡ ᠶᠢ ᠦᠨᠳᠦᠰᠦᠯᠡᠨ ᠡᠯᠧᠺᠲᠷᠣᠨ ᠠᠶᠠᠯᠠᠯ ᠤᠨ ᠬᠠᠭᠤᠳᠠᠰᠤ ᠪᠠᠨ ᠦᠨᠡᠨ ᠪᠣᠳᠠᠲᠠᠶ ᠪᠠᠷ ᠬᠢᠵᠦ ᠥᠭᠬᠦ ᠶᠢᠨ | ᠬᠠᠮᠲᠤ᠂ ᠠᠯᠪᠠᠨ ᠤ ᠰᠦᠯᠵᠢᠶ᠎ᠡ᠂ ᠰᠢᠯᠵᠢᠮᠡᠯ ᠬᠡᠷᠡᠭᠯᠡᠭᠴᠢ ᠶᠢᠨ ᠲᠠᠪᠴᠠᠩ ᠠᠴᠠ ᠪᠠᠭᠤᠯᠭᠠᠬᠤ ᠪᠤᠶᠤ ᠡᠯᠧᠺᠲᠷᠣᠨ | ᠰᠢᠦᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯᠧᠺᠲᠷᠣᠨ ᠠᠶᠠᠯᠠᠯ ᠤᠨ ᠬᠠᠭᠤᠳᠠᠰᠤ ᠪᠠᠨ | ᠠᠶᠠᠨᠴᠢᠳ ᠲᠤ ᠲᠤᠰᠢᠶᠠᠨ ᠥᠭᠬᠦ ᠬᠡᠷᠡᠭᠲᠡᠶ᠃ | | ᠭᠠᠵᠠᠷ ᠰᠢᠷᠣᠢ ᠶᠢᠨ ᠥᠷᠲᠡᠭ ᠤᠨ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠠᠲᠠᠪᠤᠷᠢᠯᠠᠬᠤ ᠨᠤᠷᠮ᠎ᠠ ᠶᠢᠨ | ᠬᠢᠵᠠᠭᠠᠷᠯᠠᠯ ᠢ 0.5 ᠵᠠᠭᠤᠨ ᠤ ᠨᠢᠭᠡᠴᠢ ᠪᠠᠭᠤᠷᠠᠭᠤᠯᠤᠨ᠎ᠠ | ᠤᠯᠤᠰ ᠤᠨ ᠭᠠᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ ᠲᠦᠷᠦᠭᠦᠬᠡᠨ ︽ᠭᠠᠵᠠᠷ ᠰᠢᠷᠤᠢ ᠶᠢᠨ | ᠥᠷᠲᠡᠭ ᠤᠨ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠬᠢᠵᠠᠭᠠᠷᠯᠠᠯ ᠢ ᠪᠠᠭᠤᠷᠠᠭᠤᠯᠬᠤ | ᠲᠤᠬᠠᠢ ᠠᠯᠪᠠᠨ ᠵᠠᠷᠯᠠᠯ︾ ᠨᠡᠶᠢᠳᠡᠯᠡᠵᠦ᠂ ᠭᠠᠵᠠᠷ ᠰᠢᠷᠤᠢ ᠶᠢᠨ ᠥᠷᠲᠡᠭ ᠤᠨ ᠨᠡᠮᠡᠭᠳᠡᠯ ᠤᠨ ᠭᠠᠶᠢᠯᠢ ᠶᠢ | ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠬᠢᠵᠠᠭᠠᠷᠯᠠᠯ ᠢ 0.5 ᠵᠠᠭᠤᠨ ᠤ ᠨᠢᠭᠡᠴᠢ ᠪᠠᠭᠤᠷᠠᠭᠤᠯᠤᠨ᠎ᠠ᠃ | ᠲᠣᠬᠢᠷᠠᠭᠤᠯᠤᠭᠰᠠᠨ ᠤ ᠳᠠᠷᠠᠭ᠎ᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠭᠠᠷᠭᠠᠪᠠᠯ᠂ ᠵᠡᠭᠦᠨ ᠬᠡᠰᠡᠭ ᠤᠨ | ᠭᠠᠵᠠᠷ ᠣᠷᠣᠨ ᠤ ᠮᠤᠵᠢ ᠶᠢᠨ ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠬᠢᠵᠠᠭᠠᠷᠯᠠᠯ ᠨᠢ 1.5%᠂ ᠳᠤᠮᠳᠠ | ᠬᠡᠰᠡᠭ ᠪᠠ ᠵᠡᠭᠦᠨ ᠬᠤᠶᠢᠲᠤ ᠣᠷᠣᠨ ᠤ ᠮᠤᠵᠢ ᠶᠢᠨ ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠳᠣᠤᠷᠠᠳᠤ | ᠲᠠᠯ᠎ᠠ ᠶᠢᠨ ᠬᠢᠵᠠᠭᠠᠷ ᠨᠢ 1%᠂ ᠪᠠᠷᠠᠭᠤᠨ ᠬᠡᠰᠡᠭ ᠤᠨ ᠭᠠᠵᠠᠷ ᠣᠷᠣᠨ ᠤ ᠮᠤᠵᠢ ᠶᠢᠨ ᠤᠷᠢᠳᠴᠢᠯᠠᠨ | ᠲᠠᠲᠠᠪᠤᠷᠢᠯᠠᠬᠤ ᠨᠣᠷᠮ᠎ᠠ ᠶᠢᠨ ᠳᠣᠤᠷᠠᠳᠤ ᠲᠠᠯ᠎ᠠ ᠶᠢᠨ ᠬᠢᠵᠠᠭᠠᠷ ᠨᠢ 0.5% ︵ᠭᠠᠵᠠᠷ ᠣᠷᠣᠨ ᠤ | ᠬᠤᠪᠢᠶᠠᠷᠢᠯᠠᠯᠲᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︶ ᠲᠤᠰ ᠠᠯᠪᠠᠨ ᠵᠠᠷ ᠢ 2024 ᠣᠨ ᠤ 12 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠪᠦᠬᠦ ᠤᠯᠤᠰ ᠲᠤ ᠲᠣᠭᠠᠴᠢᠯᠠᠭᠰᠠᠨ ᠴᠠᠬᠢᠯᠭᠠᠨ ᠪᠠᠷᠢᠮᠲᠠ ᠶᠢ ᠠᠯᠪᠠᠨ ᠶᠣᠰᠣᠭᠠᠷ ᠳᠡᠯᠭᠡᠷᠡᠭᠦᠯᠦᠨ ᠬᠡᠷᠡᠭᠯᠡᠬᠦ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠲᠦᠷᠦᠭᠦᠬᠡᠨ ᠠᠯᠪᠠᠨ ᠵᠠᠷ ᠨᠡᠶᠢᠲᠡᠯᠡᠵᠦ᠂ | 2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠤᠯᠤᠰ ᠲᠤ ᠲᠣᠭᠠᠴᠢᠯᠠᠭᠰᠠᠨ ᠴᠠᠬᠢᠯᠭᠠᠨ | ᠪᠠᠷᠢᠮᠲᠠ ᠶᠢ ᠵᠢᠩᠬᠢᠨᠢ ᠪᠠᠷ ᠳᠡᠯᠭᠡᠷᠡᠭᠦᠯᠦᠨ ᠬᠡᠷᠡᠭᠯᠡᠪᠡ᠃ ᠠᠯᠪᠠᠨ ᠵᠠᠷ ᠢ ᠦᠨᠳᠦᠰᠦᠯᠡᠪᠡᠯ᠂ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠨᠢ ᠪᠦᠬᠦ ᠤᠯᠤᠰ ᠤᠨ ᠨᠢᠭᠡᠳᠦᠯᠲᠡᠶ ᠡᠯᠧᠺᠲᠷᠣᠨ ᠪᠠᠷᠢᠮᠲᠠ ᠶᠢᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠰᠦᠢᠳᠬᠡᠯ ᠬᠤᠷᠢᠶᠠᠬᠤ ᠦᠭᠡᠶ ᠪᠠᠷ ᠲᠤᠭ᠎ᠠ ᠴᠠᠬᠢᠯᠭᠠᠨ ᠪᠠᠷᠢᠮᠲᠠ ᠪᠠᠷ ᠪᠢᠯᠧᠲ ᠨᠡᠭᠡᠭᠡᠬᠦ᠂ | ᠪᠢᠯᠧᠲ ᠬᠡᠷᠡᠭᠯᠡᠬᠦ ᠦᠢᠯᠡᠴᠢᠯᠡᠭᠡ ᠶᠢ ᠬᠠᠩᠭᠠᠨ᠎ᠠ᠃ ᠲᠣᠭᠲᠠᠭᠠᠯ ᠶᠣᠰᠣᠭᠠᠷ ᠰᠦᠯᠵᠢᠶᠡᠨ ᠳᠡᠭᠡᠷ᠎ᠡ ᠭᠠᠶᠢᠯᠢ | ᠭᠦᠢᠴᠡᠳᠭᠡᠬᠦ ᠦᠭᠡᠢ᠂ ᠰᠦᠯᠵᠢᠶᠡᠨ ᠤ ᠨᠥᠬᠦᠴᠡᠯ ᠢ ᠪᠦᠷᠢᠯᠳᠦᠭᠦᠯᠦᠭᠡᠳᠦᠶ ᠪᠤᠶᠤ ᠭᠠᠶᠢᠯᠢ ᠳᠤ ᠬᠤᠯᠪᠣᠭᠳᠠᠬᠤ | ᠬᠦᠨᠳᠦ ᠶᠡᠭᠡ ᠠᠶᠤᠯ ᠲᠦᠭᠰᠢᠭᠦᠷᠢ ᠣᠷᠣᠰᠢᠵᠤ ᠪᠠᠶᠢᠪᠠᠯ᠂ ᠲᠦᠷ ᠦᠢᠯᠡᠴᠢᠯᠡᠭᠡ ᠬᠠᠩᠭᠠᠬᠤ ᠥᠬᠡᠶ ᠪᠠᠶᠢᠵᠤ | ᠪᠣᠯᠤᠨ᠎ᠠ᠂ ᠪᠣᠳᠠᠲᠠᠶ ᠪᠠᠶᠢᠳᠠᠯ ᠢ ᠮᠤᠵᠢ ᠶᠢᠨ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠣᠭᠲᠠᠭᠠᠨ᠎ᠠ | ᠃ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠤᠰᠢᠶᠠᠭᠴᠢ ᠶᠢᠨ ᠭᠠᠶᠢᠯᠢ ᠲᠠᠲᠠᠪᠤᠷᠢ ᠶᠢᠨ | ᠲᠦᠭᠰᠢᠭᠦᠷᠢ ᠶᠢᠨ ᠬᠡᠮᠵᠢᠶ᠎ᠡ᠂ ᠭᠠᠶᠢᠯᠢ ᠲᠤᠰᠢᠶᠠᠬᠤ ᠢᠲᠡᠭᠡᠮᠵᠢ ᠶᠢᠨ ᠲᠠᠰ᠂ ᠪᠣᠳᠠᠲᠠᠶ ᠡᠵᠡᠩᠨᠡᠯᠲᠡ ᠶᠢᠨ ᠪᠠᠶᠢᠳᠠᠯ | ᠵᠡᠷᠭᠡ ᠬᠦᠴᠦᠨ ᠵᠦᠢᠯ ᠢ ᠦᠨᠳᠦᠰᠦᠯᠡᠨ᠂ ᠴᠠᠬᠢᠮ ᠪᠠᠷᠢᠮᠲᠠ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ | ᠪᠠᠷᠢᠮᠲᠠ ᠶᠢᠨ ᠶᠡᠷᠦᠩᠬᠡᠶ ᠲᠤᠭ᠎ᠠ ᠬᠡᠮᠵᠢᠶ᠎ᠡ ᠶᠢ ᠣᠯᠭᠤᠬᠤ ᠶᠢᠨ ᠬᠠᠮᠲᠤ ᠬᠥᠳᠡᠯᠦᠩᠭᠦᠶ ᠪᠠᠷ ᠲᠣᠬᠢᠷᠠᠭᠤᠯᠤᠯᠲᠠ | ᠬᠢᠬᠦ ᠶᠢ ᠬᠡᠷᠡᠭᠵᠢᠭᠦᠯᠦᠨ᠎ᠡ᠃ | | ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ︾ ᠤᠨ ᠶᠡᠯ᠎ᠡ ᠬᠢᠭᠰᠡᠳ ᠢ ᠬᠦᠨᠳᠦ ᠨᠣᠴᠢᠲᠠᠶ ᠢᠲᠡᠭᠡᠯ | ᠠᠯᠳᠠᠭᠰᠠᠨ ᠭᠤᠤᠯ ᠴᠣᠭᠴᠠ ᠶᠢᠨ ᠨᠡᠷᠡᠰ ᠲᠤ ᠤᠷᠤᠭᠤᠯᠤᠨ᠎ᠠ | ᠲᠦᠷᠦᠭᠦᠬᠡᠨ᠂ ᠳᠣᠲᠣᠭᠠᠳᠤ ᠶᠢ ᠬᠠᠮᠠᠭᠠᠯᠠᠬᠤ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ | ᠪᠠᠩᠬᠢ ᠲᠠᠢ ᠬᠠᠮᠲᠤᠷᠠᠨ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠢᠴᠢ ᠲᠡᠭᠦᠨ ᠤ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ︾ ᠶᠢ ᠨᠡᠶᠢᠲᠡᠯᠡᠵᠦ᠂ 2024 | ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠷᠭ᠎ᠠ︾ ᠳᠤ᠂ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠢ ᠬᠡᠷᠡᠭᠵᠢᠭᠦᠯᠦᠭᠰᠡᠨ ᠵᠢᠴᠢ ᠲᠡᠭᠦᠨ ᠤ ᠬᠤᠯᠪᠣᠭᠳᠠᠬᠤ ᠶᠠᠯᠠᠲᠤ ᠠᠵᠢᠯᠯᠠᠭ᠎ᠠ ᠶᠢ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠪᠠᠯ᠂ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ︾ ᠤᠨ | ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠷᠡᠰ ᠲᠤ ᠣᠷᠣᠭᠤᠯᠬᠤ ᠬᠡᠷᠡᠭᠲᠡᠶ ᠭᠡᠵᠦ ᠳᠤᠷᠠᠳᠤᠨ | ᠭᠠᠷᠭᠠᠪᠠ᠃ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠳᠤ ᠮᠥᠩᠭᠦᠨ ᠭᠦᠢᠯᠭᠡᠭᠡᠨ ᠤ ᠵᠠᠯᠬᠠᠭᠠᠨ ᠴᠡᠭᠡᠷᠯᠡᠭᠦᠯᠬᠦ᠂ | ᠴᠠᠬᠢᠯᠭᠠᠨ ᠬᠤᠯᠪᠣᠭᠠᠨ ᠤ ᠰᠦᠯᠵᠢᠶ᠎ᠡ ᠪᠠᠷ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ᠂ | ᠪᠣᠳᠠᠲᠠᠶ ᠪᠠᠷ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷ᠎ᠡ ᠳᠤᠤᠷ᠎ᠠ ᠲᠣᠭᠠᠴᠠᠭ᠎ᠠ ᠬᠢᠬᠦ ᠲᠠᠩᠰᠠᠨ ᠡᠷᠦᠬᠡ ᠶᠢᠨ | ᠲᠤᠬᠠᠶᠢᠯᠠᠭᠰᠠᠨ ᠠᠵᠢᠯ ᠢ ᠪᠠᠭᠲᠠᠭᠠᠵᠤ᠂ ᠵᠠᠯᠬᠠᠭᠠᠨ ᠴᠡᠭᠡᠷᠯᠡᠭᠦᠯᠬᠦ ᠡᠲᠡᠭᠡᠳ ᠢᠶᠠᠷ ᠰᠢᠨ᠎ᠡ ᠳ᠋ᠢᠶᠠᠩᠬᠤᠸᠠ ᠶᠢᠨ ᠺᠠᠷᠲ | ᠪᠠᠶᠢᠭᠤᠯᠵᠤ ᠪᠣᠯᠬᠤ ᠥᠬᠡᠶ᠂ ᠬᠤᠯᠪᠣᠭᠳᠠᠯ ᠪᠥᠬᠦᠶ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠮᠡᠳᠡᠭᠡ ᠵᠠᠩᠭᠢ ᠶᠢ | ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠥᠮᠥᠷᠭᠡ ᠵᠡᠷᠭᠡ ᠳᠤ | ᠣᠷᠣᠭᠤᠯᠬᠤ ᠪᠠᠭᠲᠠᠨ᠎ᠠ᠃ | | |