ᠨᠡᠶᠢᠲᠡᠯᠡᠭᠰᠡᠨ ᠴᠠᠭ᠄ 2024/12/6 | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 3 ᠤ ᠴᠠᠬᠢᠯᠭᠠᠨ ᠮᠡᠳᠡᠭᠡ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠭᠴᠢ ᠮᠠ ᠵᠦᠸᠧ ᠶᠠᠨ︶ 12 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ | ᠲᠥᠷᠥ ᠶᠢᠨ ᠵᠣᠴᠢᠳ ᠤᠨ ᠪᠠᠭᠤᠳᠠᠯ ᠳᠤ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ ᠤ | ᠲᠡᠷᠢᠭᠦᠯᠡᠭᠴᠢ ᠬᠤᠩᠰᠧᠨ ᠲᠠᠢ ᠬᠡᠯᠡᠯᠴᠡᠭᠡ ᠬᠢᠪᠡ᠃ |  12 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠥᠷᠥ ᠶᠢᠨ ᠵᠣᠴᠢᠳ ᠤᠨ | ᠪᠠᠭᠤᠳᠠᠯ ᠳᠤ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ | ᠲᠠᠢ ᠬᠡᠯᠡᠯᠴᠡᠭᠡ ᠬᠢᠪᠡ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠠᠮᠪᠤᠵᠠ ᠶᠢᠨ ᠬᠠᠲᠠᠨ ᠪᠠᠲᠤ ᠨᠥᠬᠦᠷᠯᠡᠯ ᠲᠡᠭᠦᠯᠳᠡᠷ ᠰᠠᠶᠢᠬᠠᠨ ᠪᠠᠶᠢᠨ᠎ᠠ᠂ ᠬᠤᠶᠠᠷ | ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠳᠤ ᠪᠦᠷᠢᠮᠦᠰᠦᠨ ᠨᠡᠶᠢᠴᠡᠨ᠎ᠡ᠃ ᠳᠤᠮᠳᠠᠳᠤ ᠤᠯᠤᠰ | ᠢᠮᠠᠭᠲᠠ ᠺᠠᠮᠪᠤᠵᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠭᠤᠣᠯᠳᠠᠯᠭ᠎ᠠ ᠲᠠᠢ ᠴᠢᠭᠯᠡᠯ ᠪᠣᠯᠭᠠᠵᠤ᠂ | ᠳᠤᠷᠠᠲᠠᠶ᠎ᠠ ᠺᠠᠮᠪᠤᠵᠠ ᠯᠤᠭ᠎ᠠ ᠭᠠᠷ ᠬᠤᠯᠪᠣᠨ ᠴᠢᠨᠠᠷ ᠰᠠᠶᠢᠲᠠᠢ᠂ ᠥᠨᠳᠥᠷ ᠲᠦᠪᠰᠢᠨ ᠲᠠᠢ᠂ ᠥᠨᠳᠥᠷ ᠪᠠᠷᠢᠮᠵᠢᠶ᠎ᠠ ᠲᠠᠢ | ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ | ᠬᠤᠶᠠᠷ ᠲᠠᠯ᠎ᠠ ᠪᠠᠷ ᠢᠶᠠᠨ ᠨᠢᠭᠡ ᠳᠤ᠂ ᠬᠠᠷᠢᠯᠴᠠᠨ ᠳᠡᠮᠵᠢᠯᠴᠡᠵᠦ᠂ ᠬᠠᠲᠠᠨ ᠪᠠᠲᠤ ᠨᠥᠬᠦᠷᠯᠡᠯ ᠢᠶᠠᠨ ᠪᠠᠬᠢᠵᠢᠭᠦᠯᠦᠶ᠎ᠡ᠃ | ᠳᠤᠮᠳᠠᠳᠤ ᠤᠯᠤᠰ ᠺᠠᠮᠪᠤᠵᠠ ᠶᠢᠨ ᠬᠢᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠨ᠎ᠡ᠃ ᠬᠤᠶᠠᠷ ᠲᠤ᠂ ᠰᠣᠯᠢᠯᠴᠠᠭ᠎ᠠ ᠲᠣᠯᠢᠳᠠᠯ ᠢᠶᠠᠨ ᠭᠦᠨᠵᠡᠭᠡᠶᠢᠷᠡᠭᠦᠯᠵᠦ᠂ | ᠬᠥᠭᠵᠢᠯᠲᠡ ᠮᠠᠨᠳᠤᠯᠲᠠ ᠶᠢ ᠬᠠᠮᠲᠤ ᠪᠠᠷ ᠡᠷᠢᠯᠬᠢᠯᠡᠶ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ | ᠺᠠᠮᠪᠤᠵᠠ ᠶᠢᠨ ᠠᠷᠠᠳ ᠤᠨ ᠨᠠᠮ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠣᠯᠣᠨ ᠺᠠᠳ᠋ᠷ ᠤᠨ ᠪᠣᠯᠪᠠᠰᠤᠷᠠᠯ ᠤᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠺᠠᠮᠪᠤᠵᠠ ᠶᠢᠨ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢ ᠰᠦᠪᠡᠭᠴᠢᠯᠡᠬᠦ ᠳᠤ ᠬᠦᠴᠦᠨ ᠨᠡᠮᠡᠷᠢᠯᠡᠨ᠎ᠡ᠃ ᠭᠤᠷᠪᠠ ᠳᠤ᠂ ᠬᠠᠮᠲᠤᠷᠠᠯᠴᠠᠭᠠᠨ ᠤ ᠠᠵᠠ | ᠲᠣᠬᠢᠶᠠᠯ ᠢ ᠡᠵᠡᠮᠳᠡᠵᠦ᠂ ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ᠢ ᠨᠡᠭᠡᠭᠡᠶ᠎ᠡ᠃ ᠳᠤᠮᠳᠠᠳᠤ ᠤᠯᠤᠰ ᠳᠤᠷᠠᠲᠠᠶ᠎ᠠ | ᠺᠠᠮᠪᠤᠵᠠ ᠯᠤᠭ᠎ᠠ ᠰᠢᠨ᠎ᠡ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠥᠯᠥᠪᠯᠡᠭᠡ ᠶᠢ | ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠵᠤ᠂ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭᠠᠨ ᠤ | ᠪᠦᠲᠦᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ | ᠪᠣᠯᠣᠨ ︽ᠠᠮᠤ ᠪᠤᠳᠠᠭ᠎ᠠ ᠵᠢᠭᠠᠰᠤᠨ ᠤ ᠦᠢᠯᠡᠰ ᠤᠨ ᠬᠤᠩᠭᠢᠯ︾ ᠤᠨ ᠬᠠᠮᠲᠤᠷᠠᠯᠴᠠᠭᠠᠨ ᠤ ᠲᠥᠯᠥᠪᠵᠢᠭᠦᠯᠭᠡ ᠶᠢ | ᠲᠣᠭᠲᠠᠭᠠᠵᠤ᠂ ᠭᠤᠣᠯᠳᠠᠯᠭ᠎ᠠ ᠲᠠᠢ ᠬᠠᠮᠲᠤᠷᠠᠯᠴᠠᠭᠠᠨ ᠤ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ | ᠪᠣᠯᠣᠨ ᠺᠠᠮᠪᠤᠵᠠ ᠶᠢᠨ ︽ᠲᠠᠪᠤᠨ ᠥᠨᠴᠥᠭᠲᠦ ᠪᠠᠶᠢᠯᠳᠤᠬᠤ ᠪᠣᠳᠣᠯᠭ᠎ᠠ︾ ᠶᠢᠨ ᠴᠢᠨᠠᠷ ᠰᠠᠶᠢᠲᠠᠢ ᠵᠣᠯᠭᠠᠯᠴᠠᠭ᠎ᠠ ᠳᠤ | ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ ᠪᠣᠯᠵᠤ᠂ ᠪᠥᠬᠦ ᠪᠥᠮᠪᠥᠷᠴᠡᠭ ᠤᠨ | ᠴᠢᠨᠠᠷᠲᠠᠢ ᠥᠷᠢᠰᠦᠯᠳᠦᠭᠡᠨ ᠲᠠᠰᠤᠷᠠᠯᠲᠠ ᠦᠭᠡᠢ ᠭᠠᠷᠴᠤ᠂ ᠡᠯ᠎ᠡ ᠤᠯᠤᠰ ᠤᠨ ᠠᠷᠭᠠᠴᠠᠭᠠᠯᠲᠠ ᠪᠠ ᠰᠣᠩᠭᠤᠯᠲᠠ ᠶᠢ | ᠰᠢᠯᠭᠠᠵᠤ ᠪᠠᠶᠢᠨ᠎ᠠ᠃ ᠳᠤᠮᠳᠠᠳᠤ ᠺᠠᠮᠪᠤᠵᠠ ᠬᠤᠶᠠᠷ ᠤᠯᠤᠰ ᠪᠦᠷ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ᠂ | ᠬᠥᠭᠵᠢᠯᠲᠡ ᠶᠢᠨ ᠬᠦᠴᠦᠨ᠂ ᠳᠠᠪᠰᠢᠯᠲᠠ ᠶᠢᠨ ᠬᠦᠴᠦᠨ ᠪᠣᠯᠬᠤ ᠪᠠᠷ ᠴᠢᠷᠮᠠᠶᠢᠵᠤ ᠪᠠᠶᠢᠨ᠎ᠠ᠃ ᠳᠤᠮᠳᠠᠳᠤ ᠤᠯᠤᠰ | ᠺᠠᠮᠪᠤᠵᠠ ᠶᠢᠨ ᠬᠢᠨ ᠤ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠨᠡᠩ ᠶᠡᠭᠡ ᠦᠢᠯᠡᠳᠦᠯ | ᠦᠵᠡᠭᠦᠯᠬᠦ ᠶᠢ ᠦᠷᠭᠦᠯᠵᠢᠯᠡᠨ ᠳᠡᠮᠵᠢᠵᠦ᠂ ︽ᠪᠥᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠤᠨ | ᠬᠦᠴᠦᠨ ᠢ ᠪᠤᠵᠠᠭᠠᠶᠢᠷᠠᠭᠤᠯᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠠᠶᠢᠯᠳᠤᠬᠤ | ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠭᠤᠣᠯ ᠪᠣᠯᠬᠤ ᠪᠠᠶᠢᠷᠢ ᠰᠠᠭᠤᠷᠢ ᠪᠠᠨ ᠬᠠᠮᠠᠭᠠᠯᠠᠬᠤ ᠶᠢ ᠳᠡᠮᠵᠢᠵᠦ᠂ | ᠭᠠᠳᠠᠭᠠᠳᠤ ᠶᠢᠨ ᠬᠦᠴᠦᠨ ᠤ ᠬᠦᠢᠲᠡᠨ ᠳᠠᠶᠢᠨ ᠤ ᠰᠡᠳᠬᠢᠬᠦᠢ ᠶᠢ ᠲᠣᠰ ᠭᠠᠵᠠᠷ ᠣᠷᠣᠨ ᠳᠤ ᠣᠷᠣᠭᠤᠯᠬᠤ ᠶᠢ ᠡᠷᠡᠰ | ᠡᠰᠡᠷᠭᠦᠴᠡᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠢᠭᠡ ᠴᠣᠭᠴᠠᠵᠢᠯᠲᠠ ᠪᠣᠯᠣᠨ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ | ᠺᠠᠮᠪᠤᠵᠠ ᠶᠢᠨ ᠬᠢᠨ ᠲᠠᠢ ᠵᠠᠮ ᠢᠶᠠᠨ ᠦᠯᠦ ᠬᠤᠪᠢᠷᠠᠭᠤᠯᠬᠤ᠂ ᠵᠣᠷᠢᠭ ᠢᠶᠠᠨ ᠦᠯᠦ ᠬᠤᠪᠢᠷᠠᠭᠤᠯᠬᠤ ᠬᠦᠰᠡᠯ ᠪᠣᠳᠣᠯ ᠢᠶᠠᠨ | ᠪᠠᠲᠤᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠠᠮᠵᠢᠯᠴᠠᠭ᠎ᠠ ᠪᠠ ᠵᠣᠬᠢᠴᠠᠭᠤᠯᠭ᠎ᠠ ᠪᠠᠨ | ᠴᠢᠩᠭᠠᠳᠬᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠬᠠᠮᠲᠤ ᠪᠠᠷ ᠠᠷᠭᠠᠴᠠᠭᠠᠨ᠎ᠠ ᠭᠡᠵᠦ ᠵᠢᠭᠠᠵᠤ ᠭᠠᠷᠭᠠᠪᠠ᠃ |  12 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠥᠷᠥ ᠶᠢᠨ ᠵᠣᠴᠢᠳ ᠤᠨ | ᠪᠠᠭᠤᠳᠠᠯ ᠳᠤ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ | ᠲᠠᠢ ᠬᠡᠯᠡᠯᠴᠡᠭᠡ ᠬᠢᠪᠡ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠣᠣ ᠳ᠋ᠠ ᠸᠧᠢ ᠰᠡᠭᠦᠳᠡᠷᠯᠡᠪᠡ | ᠬᠤᠩᠰᠧᠨ᠂ ᠺᠠᠮᠪᠤᠵᠠ ᠳᠤᠮᠳᠠᠳᠤ ᠶᠢᠨ ᠨᠥᠬᠦᠷᠯᠡᠯ ᠢ ᠬᠤᠶᠠᠷ ᠲᠠᠯ᠎ᠠ ᠶᠢᠨ ᠠᠬᠠᠮᠠᠳ ᠨᠢᠭᠡ ᠦᠶ᠎ᠡ ᠶᠢᠨ ᠤᠳᠤᠷᠢᠳᠬᠤ | ᠬᠥᠮᠥᠰ ᠬᠠᠮᠲᠤ ᠪᠠᠷ ᠲᠣᠭᠲᠠᠭᠠᠵᠤ᠂ ᠲᠡᠦᠬᠡ ᠪᠠ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ᠂ ᠺᠠᠮᠪᠤᠵᠠ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠳᠤ | ᠨᠡᠶᠢᠴᠡᠵᠦ ᠪᠠᠶᠢᠨ᠎ᠠ᠃ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠺᠠᠮᠪᠤᠵᠠ ᠶᠢᠨ ᠤᠯᠤᠰ ᠲᠦᠷᠦ ᠠᠵᠤ | ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠺᠠᠮᠪᠤᠵᠠ ᠶᠢᠨ | ᠬᠢᠨ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠢᠲᠡᠭᠡᠮᠵᠢᠲᠡᠢ ᠨᠠᠶᠢᠵᠠ ᠮᠥᠨ᠃ | ᠳᠤᠮᠳᠠᠳᠤ ᠤᠯᠤᠰ ᠯᠤᠭ᠎ᠠ ᠨᠦᠭᠦᠷᠰᠡᠭ ᠪᠠᠶᠢᠬᠤ ᠪᠣᠯ ᠺᠠᠮᠪᠤᠵᠠ ᠶᠢᠨ ᠠᠷᠠᠳ ᠤᠨ ᠨᠠᠮ ᠤᠨ ᠪᠠᠲᠤ ᠴᠢᠩᠭ᠎ᠠ ᠤᠯᠤᠰ | ᠲᠦᠷᠦ ᠶᠢᠨ ᠬᠠᠮᠲᠤ ᠶᠢᠨ ᠲᠠᠨᠢᠯᠲᠠ ᠪᠣᠯᠣᠨ᠎ᠠ᠂ ᠺᠠᠮᠪᠤᠵᠠ ᠶᠢᠨ ᠤᠳᠤᠷᠢᠳᠬᠤ ᠳᠠᠪᠬᠤᠷᠭ᠎ᠠ ᠶᠢᠨ ᠦᠶ᠎ᠡ ᠰᠣᠯᠢᠭᠳᠠᠬᠤ ᠠᠴᠠ | ᠪᠣᠯᠵᠤ ᠬᠤᠪᠢᠷᠠᠯᠲᠠ ᠭᠠᠷᠬᠤ ᠦᠭᠡᠢ ᠶᠤᠮ᠃ ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ | ᠦᠷᠭᠦᠯᠵᠢᠯᠡᠨ ᠡᠷᠡᠰ ᠪᠠᠷᠢᠮᠲᠠᠯᠠᠵᠤ᠂ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ | ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠮ ᠤᠨ ᠬᠤᠭᠤᠷᠣᠨᠳᠣᠭᠢ ᠶᠠᠪᠤᠯᠴᠠᠭ᠎ᠠ ᠪᠠᠨ ᠪᠦᠭᠦ ᠲᠠᠯ᠎ᠠ ᠪᠠᠷ | ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠵᠠᠯᠠᠭᠤᠴᠤᠳ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠨᠢᠭᠲᠠᠷᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃ ᠺᠠᠮᠪᠤᠵᠠ ᠶᠢᠨ ᠬᠢᠨ | ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠵᠣᠬᠢᠴᠠᠭᠤᠯᠭ᠎ᠠ | ᠬᠠᠮᠵᠢᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ ᠬᠡᠯᠡᠯᠴᠡᠭᠡ ᠳᠤ ᠣᠷᠣᠯᠴᠠᠪᠠ᠃ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ |