ᠨᠡᠶᠢᠲᠡᠯᠡᠭᠰᠡᠨ ᠴᠠᠭ᠄ 2024/12/6 | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 5 ᠤ ᠴᠠᠬᠢᠯᠭᠠᠨ ᠮᠡᠳᠡᠭᠡ 12 ᠰᠠᠷ᠎ᠠ ᠶᠢᠨ 5 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠨᠧᠶᠢᠲ᠋ᠦ᠋ᠩᠪᠦᠸᠧ · ᠨᠠᠨᠳᠢ — ᠧᠨᠳᠠᠶᠢᠲᠸᠧᠠ ᠳᠤ ᠴᠠᠬᠢᠯᠭᠠᠨ ᠴᠢᠮᠡᠭᠡ | ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠨᠠᠮᠢᠪᠢᠶ᠎ᠠ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ | ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠨᠠᠮᠢᠪᠢᠶ᠎ᠠ ᠲᠠᠢ ᠤᠯᠠᠮᠵᠢᠯᠠᠯᠲᠤ ᠨᠥᠬᠦᠷᠯᠡᠯ ᠲᠠᠢ ᠶᠤᠮ᠃ ᠣᠶᠢᠷ᠎ᠠ ᠶᠢᠨ ᠵᠢᠯ ᠠᠴᠠ | ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠨᠡᠩ ᠪᠠᠬᠢᠵᠢᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ | ᠡᠯᠪᠡᠭ ᠦᠷ᠎ᠡ ᠪᠦᠲᠦᠭᠡᠯ ᠣᠯᠵᠤ᠂ ᠲᠣᠰ ᠲᠣᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ | ᠶᠡᠭᠡ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠪᠡ᠃ ᠪᠢ ᠳᠤᠮᠳᠠᠳᠤ ᠨᠠᠮᠢᠪᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠧᠨᠳᠠᠶᠢᠲᠸᠧᠠ ᠲᠠᠢ ᠬᠠᠮᠲᠤ ᠪᠠᠷ ᠴᠢᠷᠮᠠᠶᠢᠵᠤ᠂ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ | ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠦᠷᠯᠡᠯ ᠢᠶᠠᠨ | ᠪᠠᠳᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠪᠥᠬᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ | ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ | ᠵᠢᠭᠠᠵᠤ ᠭᠠᠷᠭᠠᠪᠠ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | |