12 ᠰᠠᠷ᠎ᠠ ᠶᠢᠨ 7 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠠᠴᠠ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠤᠨ | ᠡᠭᠦᠷᠭᠡ ᠶᠢᠨ ᠨᠠᠷᠢᠨ ᠲᠠᠩᠰᠠ ᠳᠤ ᠲᠠᠶᠢᠯᠤᠮᠵᠢ ᠬᠢᠭᠰᠡᠨ ᠪᠥᠭᠡᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠵᠢᠯ ᠳᠤ ᠨᠠᠷᠢᠨ | ᠲᠣᠬᠢᠷᠠᠭᠤᠯᠤᠯᠲᠠ ᠬᠢᠪᠠ᠃ | | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢᠨ | ᠵᠢᠱᠢᠭᠳᠡᠭᠴᠢ ᠴᠢᠦ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠵᠠᠰᠠᠭ ᠤᠨ ᠣᠷᠳᠣᠨ ᠤ | ᠬᠤᠰᠢᠭᠤᠨ ᠳᠡᠳ᠋ ᠳᠠᠷᠤᠭ᠎ᠠ ᠸᠠᠩ ᠶᠢᠨ ᠴᠢᠶᠠᠩ ᠬᠤᠷᠠᠯ ᠡᠷᠭᠢᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ | ᠰᠢᠯᠭᠠᠬᠤ ᠠᠵᠢᠯ ᠢ ᠰᠠᠶᠢᠲᠤᠷ ᠬᠢᠬᠦ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ | ᠬᠢᠨᠠᠨ ᠰᠢᠯᠭᠠᠬᠤ ᠠᠵᠢᠯ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ | ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠲᠣᠰ ᠲᠣᠰ ᠤᠨ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠶ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ | ᠲᠠᠨᠢᠯᠲᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ | ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ | ᠴᠢᠩᠭ᠎ᠠ ᠨᠢᠮᠪᠠᠢ ᠠᠵᠢᠯ ᠤᠨ ᠰᠤᠷᠲᠠᠯ᠂ ᠯᠠᠪᠳᠠᠭᠤᠨ ᠪᠠᠲᠤᠲᠠᠢ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠪᠠᠷ ᠡᠯ᠎ᠡ | ᠱᠠᠲᠤᠨ ᠤ ᠠᠵᠢᠯ ᠤᠨ ᠬᠠᠷᠠᠯᠲᠠ ᠶᠢ ᠨᠡᠪᠲᠡᠷᠬᠡᠢ ᠣᠶᠢᠯᠠᠭᠠᠵᠤ᠂ ᠠᠵᠢᠯ ᠤᠨ ᠱᠠᠭᠠᠷᠳᠠᠯᠭ᠎ᠠ ᠶᠢ ᠡᠵᠡᠮᠰᠢᠵᠦ᠂ | ᠠᠵᠢᠯ ᠢᠶᠠᠨ ᠨᠡᠩ ᠰᠠᠶᠢᠨ ᠤᠨᠢᠨ ᠳᠡᠭᠡᠷ᠎ᠡ ᠨᠢ ᠥᠷᠨᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠪᠠ ᠦᠷ᠎ᠡ ᠪᠦᠲᠦᠮᠵᠢ ᠶᠢ ᠪᠠᠬᠢᠵᠢᠭᠦᠯᠬᠦ ᠵᠡᠷᠭᠡ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠪᠦᠬᠦ ᠲᠠᠯ᠎ᠠ ᠪᠠᠷ ᠨᠥᠬᠦᠪᠥᠷᠢᠯᠡᠵᠦ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ | ᠠᠰᠠᠭᠤᠳᠠᠯ ᠢ ᠦᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ | ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ | ᠨᠢᠭᠲᠠᠷᠠᠭᠤᠯᠵᠤ᠂ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃ | ᠡᠯ᠎ᠡ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ᠂ ᠰᠤᠮᠤ ᠪᠠᠯᠭᠠᠰᠤ ᠲᠠᠯᠠᠪᠠᠶ ᠶᠢᠨ ᠭᠤᠤᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | |