︽  ᠪᠠᠶᠠᠰᠦᠯᠳᠦ ᠲᠦᠩᠯᠢᠶᠤᠤ ᠳᠤ ᠪᠠᠭ᠋ᠠᠷᠤᠨ ᠵᠤᠭᠠᠴᠠᠵᠥ᠂ ᠮᠦᠰᠦ ᠴᠠᠰᠦᠨ ᠳᠤ ᠨᠠᠷᠬᠢᠨ ᠨᠠᠭᠠᠳᠤᠶ᠎ᠠ︾  ᠲᠦᠩᠯᠢᠶᠣᠤ ᠬᠤᠲᠠ ᠶᠢᠨ ᠳᠥᠷᠪᠡᠳᠦᠭᠡᠷ ᠬᠤᠭᠤᠴᠠᠭᠠᠨ ᠤ ᠮᠥᠰᠥ ᠴᠠᠰᠤᠨ ᠤ ᠦᠪᠡᠳᠡᠭᠰᠢ ᠨᠠᠶᠢᠷ ᠡᠬᠢᠯᠡᠬᠦ ᠶᠣᠰᠣᠯᠠᠯ ᠵᠢᠴᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠥᠰᠥ ᠴᠠᠰᠤᠨ ᠤ ᠨᠠᠶᠢᠷ ᠬᠥᠰᠢᠭᠡ ᠪᠠᠨ ᠰᠡᠬᠦᠪᠡ
ᠨᠡᠶᠢᠲᠡᠯᠡᠭᠰᠡᠨ ᠴᠠᠭ᠄
2024/12/9
    12 ᠰᠠᠷ᠎ᠠ ᠶᠢᠨ 8 ᠤ ᠡᠳᠦᠷ᠂ ︽  ᠪᠠᠶᠠᠰᠦᠯᠳᠦ ᠲᠦᠩᠯᠢᠶᠤᠤ ᠳᠤ ᠪᠠᠭ᠋ᠠᠷᠤᠨ ᠵᠤᠭᠠᠴᠠᠬᠤ ᠮᠥᠰᠥ ᠴᠠᠰᠤᠨ ᠤ ᠦᠪᠡᠳᠡᠭᠰᠢ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠥᠰᠥ ᠴᠠᠰᠤᠨ ᠤ ᠨᠠᠶᠢᠷ ᠤᠨ ᠬᠥᠰᠢᠭᠡ ᠧᠤ ᠰᠢᠶᠠᠩ ᠵᠢᠦ ᠵᠢᠦ ᠲᠠᠯᠠᠪᠠᠢ ᠳᠤ ᠡᠬᠢᠯᠡᠪᠡ᠃  ᠬᠤᠳᠠ ᠬᠤᠰᠢᠭᠤᠨ`  ᠤ ᠤᠳᠤᠷᠢᠳᠤᠯᠭ᠎ᠠ ᠵᠢᠴᠢ ᠬᠤᠲᠠ ᠬᠤᠰᠢᠭᠤ ᠬᠤᠶᠠᠷ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠵᠠᠯᠠᠭᠤ ᠳᠠᠭᠤᠴᠢᠨ ᠠᠭᠤᠳᠠᠮ ᠨᠠᠷ ᠠᠵᠢᠯᠯᠠᠭ᠎ᠠ ᠳᠤ ᠣᠷᠣᠯᠴᠠᠭᠰᠠᠨ ᠪᠥᠭᠡᠳ ᠲᠣᠭᠯᠠᠯᠲᠠ ᠶᠢ ᠰᠣᠨᠢᠷᠬᠠᠪᠠ᠃    ᠲᠣᠰ ᠤᠳᠠᠭᠠᠨ ᠤ ᠠᠵᠢᠯᠯᠠᠭ᠎ᠠ ᠨᠢ ᠤᠮᠠᠷᠠᠲᠤ ᠬᠢᠯᠢ ᠶᠢᠨ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠤᠶᠢᠳᠠ ᠰᠠᠶᠢᠬᠠᠨ ᠮᠥᠰᠥ ᠴᠠᠰᠤᠨ ᠤ ᠥᠩᠭᠡ ᠦᠵᠡᠮᠵᠢ᠂ ᠥᠪᠡᠷᠮᠢᠴᠡ ᠠᠷᠠᠳ ᠤᠨ ᠵᠠᠩ ᠦᠢᠯᠡ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠵᠤᠭᠠᠴᠠᠭᠰᠠᠳ ᠲᠤ ᠮᠥᠰᠥ ᠴᠠᠰᠤᠨ ᠤ ᠥᠪᠡᠷᠮᠢᠴᠡ ᠷᠢᠳᠢ ᠰᠢᠳᠢ ᠶᠢ  ᠮᠡᠳᠡᠷᠡᠬᠦᠯᠵᠥ᠂  ᠬᠤᠳᠠ ᠬᠤᠰᠢᠭᠤᠨ ᠤ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠨᠢᠩᠭᠦᠶ ᠬᠥᠭᠵᠢᠯᠲᠡ ᠶᠢ ᠠᠬᠢᠭᠤᠯᠵᠤ᠂ ᠡᠯ᠎ᠡ ᠭᠠᠵᠠᠷ ᠤᠨ ᠵᠤᠭᠠᠴᠠᠭᠰᠠᠳ ᠲᠤ ᠨᠠᠩ ᠣᠯᠠᠨ ᠨᠠᠩ ᠰᠢᠯᠢᠳᠡᠭ ᠰᠣᠶᠣᠯ ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠪᠣᠯᠤᠨ᠎ᠠ᠃     ᠡᠬᠢᠯᠡᠯᠲᠡ ᠶᠢᠨ ᠶᠣᠰᠣᠯᠠᠯ ᠳᠡᠭᠡᠷ᠎ᠡ᠂ ︽  ᠦᠷᠯᠦᠭ ᠪᠠᠭᠠᠳᠤᠷ ᠠᠬᠳᠠ ᠳᠤ ᠮᠤᠷᠳᠠᠭᠰᠠᠨ ᠤᠷᠤᠨ︾᠂ ᠡᠮᠡᠭᠲᠡᠶᠢᠴᠦᠳ ᠤᠨ ᠭᠤᠴᠣᠯᠠᠯ ᠳᠠᠭᠤᠤ ︽ᠥᠯᠵᠡᠶ ᠪᠡᠯᠭᠡ ᠲᠠᠢ ᠢᠷᠦᠭᠡᠯ︾᠂ ᠱᠤᠩᠬᠤᠷ ᠬᠠᠮ ᠳᠠᠭᠤᠤ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ︾᠂ ᠡᠷᠡᠭᠲᠡᠶ ᠡᠮᠡᠭᠲᠡᠶ ᠶᠢᠨ ᠬᠠᠮᠲᠤ ᠶᠢᠨ ᠪᠥᠵᠢᠭ ︽ᠲᠦᠮᠡᠨ ᠬᠢᠯᠢ︾᠂ ᠡᠷᠡᠭᠲᠡᠶ ᠶᠢᠨ ᠭᠤᠴᠣᠯᠠᠯ ᠳᠠᠭᠤᠤ ︽ᠥᠪᠥᠷ ᠮᠣᠩᠭᠤᠯ ᠲᠠᠨ ᠢ ᠪᠠᠶᠠᠷᠯᠠᠨ ᠤᠭᠲᠤᠶ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠵᠠᠯᠭ᠎ᠠ ᠵᠠᠯᠭᠠᠭ᠎ᠠ ᠪᠠᠷ ᠲᠣᠭᠯᠠᠵᠤ᠂ ᠡᠬᠢᠯᠡᠯᠲᠡ ᠶᠢᠨ ᠶᠣᠰᠣᠯᠠᠯ ᠢ ᠣᠷᠭᠢᠯ ᠳᠤ ᠬᠦᠷᠭᠡᠵᠡᠶ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠠᠭᠠᠭᠠᠴᠢᠯᠠᠨ ᠡᠷᠭᠢᠯᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠧᠦ ᠰᠢᠶᠠᠩ ᠵᠢᠦ ᠵᠢᠦ ᠴᠠᠰᠤᠨ ᠳᠤ ᠭᠤᠯᠭᠤᠬᠤ ᠲᠠᠯᠠᠪᠠᠶ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠭᠠᠨᠮᠥ᠋ᠴᠢᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠤᠨ ᠣᠷᠳᠣᠨ ᠬᠠᠮᠵᠢᠯᠴᠠᠨ ᠡᠷᠭᠢᠯᠡᠪᠡ᠃       ︽  ᠪᠠᠶᠠᠰᠦᠯᠳᠦ ᠲᠦᠩᠯᠢᠶᠤᠤ ᠳᠤ ᠪᠠᠭ᠋ᠠᠷᠤᠨ ᠵᠤᠭᠠᠴᠠᠵᠥ᠂ ᠮᠦᠰᠦ ᠴᠠᠰᠦᠨ ᠳᠤ ᠨᠠᠷᠬᠢᠨ ᠨᠠᠭᠠᠳᠤᠶ᠎ᠠ︾  ᠭᠤᠣᠯ ᠰᠡᠳᠦᠪ ᠢᠶᠠᠷ ᠤᠷᠠᠨ ᠰᠠᠢᠬᠠᠨ ᠤ ᠲᠣᠭᠯᠠᠯᠲᠠ ᠭᠠᠷᠭᠠᠬᠤ᠂ ᠣᠨᠴᠠᠯᠢᠭᠲᠤ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠬᠤ᠂ ᠰᠣᠶᠣᠯ ᠤᠨ ᠡᠭᠦᠳᠦᠯᠲᠡ ᠶᠢᠨ ᠵᠠᠬ᠎ᠠ ᠳᠡᠯᠭᠡᠭᠦᠷ ᠨᠡᠭᠡᠭᠡᠬᠦ᠂ ᠴᠠᠰᠤᠲᠤ ᠭᠠᠵᠠᠷ ᠤᠨ ᠪᠥᠬᠡ ᠶᠢᠨ ᠦᠵᠡᠭᠦᠯᠦᠯᠭᠡ ᠶᠢᠨ ᠤᠷᠤᠯᠳᠤᠭᠠᠨ ᠵᠡᠷᠭᠡ ᠣᠯᠠᠨ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠠᠯᠢ ᠣᠯᠠᠨ ᠡᠯᠧᠮᠧᠨ᠋ᠲ ᠢ ᠬᠠᠮᠤᠷᠴᠤ᠂ ᠰᠣᠨᠢᠷᠬᠠᠬᠤ ᠴᠢᠨᠠᠷ ᠢ ᠨᠡᠮᠡᠭᠳᠡᠭᠦᠯᠬᠦ ᠶᠢᠨ ᠬᠠᠮᠲᠤ   ᠪᠡᠶᠡᠴᠢᠯᠡᠨ ᠣᠢᠯᠠᠭᠠᠬᠤ᠂ ᠰᠡᠯᠡᠭᠦᠴᠡᠬᠦ᠂ ᠵᠤᠭ᠎ᠠ ᠴᠡᠩᠭᠡᠯ ᠵᠡᠷᠭᠡ ᠠᠭᠤᠯᠭ᠎ᠠ ᠶᠢ ᠨᠡᠩ ᠴᠢᠬᠤᠯᠠᠴᠢᠯᠠᠨ ᠦᠵᠡᠵᠦ᠂ ᠵᠤᠭᠠᠴᠠᠭᠰᠠᠳ ᠪᠣᠯᠤᠨ ᠨᠠᠢᠵᠠ ᠨᠠᠷ ᠲᠤ ᠨᠢᠭᠡ ᠤᠳᠠᠭᠠᠨ ᠤ ᠭᠤᠣᠯ   ᠰᠡᠳᠦᠪ ᠪᠠᠶᠠᠯᠢᠭ ᠂ ᠠᠭᠤᠯᠭ᠎ᠠ ᠤᠯᠠᠨ ᠡᠰᠢᠵᠢᠭᠰᠡᠨ  ︽ᠮᠥᠰᠥ ᠴᠠᠰᠤᠨ ᠤ ᠦᠪᠡᠳᠡᠭᠱᠢ ᠳᠠᠢᠯᠠᠯᠭ᠎ᠠ︾ ᠶᠢ ᠠᠪᠴᠢᠷᠠᠭᠰᠠᠨ ᠪᠠᠢᠨ᠎ᠠ᠃    ︽ᠥᠨᠥᠳᠥᠷ ᠡᠵᠢ  ᠠᠩᠬ᠎ᠠ ᠤᠳᠠᠭ᠎ᠠ  ᠨᠠᠮ᠎ᠠ ᠶᠢ ᠳᠠᠭᠠᠭᠤᠯᠤᠨ ᠠᠳᠡ ᠢᠷᠡᠵᠦ ᠴᠠᠰᠤᠨ ᠳᠤ ᠭᠤᠯᠭᠤᠬᠤ ᠶᠢ ᠦᠵᠡᠭᠰᠡᠨ ᠴᠢᠨᠢ ᠲᠣᠩ ᠰᠠᠢᠬᠠᠨ ᠰᠠᠨᠠᠭᠳᠠᠵᠤ ᠪᠠᠢᠨ᠎ᠠ︾ ᠬᠡᠵᠥ  ᠴᠠᠰᠤᠨ ᠳᠤ ᠭᠤᠯᠭᠤᠬᠤ  ᠪᠠᠭᠳᠠᠨ ᠶᠠᠩ ᠯᠠᠨ ᠮᠢᠶᠣᠣ ᠬᠡᠯᠡᠪᠡ᠃ ︽ᠡᠨᠡ ᠪᠣᠯ ᠮᠢᠨᠦ ᠠᠩᠬ᠎ᠠ ᠤᠳᠠᠭ᠎ᠠ ᠴᠠᠰᠤᠨ ᠳᠡᠭᠡᠷᠡᠬᠢ ᠨᠠᠭᠠᠳᠤᠮ ᠳᠤ ᠣᠷᠣᠯᠴᠠᠵᠤ ᠪᠠᠶᠢᠭ᠎ᠠ ᠶᠠᠪᠤᠳᠠᠯ ᠮᠥᠨ᠂ ᠮᠢᠨᠦ ᠣᠷᠣᠯᠴᠠᠭᠰᠠᠨ ᠵᠦᠢᠯ ᠪᠣᠯ ᠪᠥᠬᠡ ᠪᠠᠷᠢᠯᠳᠤᠬᠤ ᠲᠥᠷᠥᠯ ᠵᠦᠢᠯ ᠮᠥᠨ᠂ ᠴᠠᠰᠤᠨ ᠳᠡᠭᠡᠷᠡᠬᠢ ᠪᠥᠬᠡ ᠨᠢ ᠵᠤᠨ ᠤ ᠨᠠᠭᠠᠳᠤᠮ ᠤᠨ ᠱᠠᠭᠠᠷᠳᠠᠯᠭ᠎ᠠ ᠠᠴᠠ ᠨᠠᠩ ᠥᠨᠳᠥᠷ ᠪᠠᠶᠢᠳᠠᠭ᠂ ᠤᠴᠢᠷ ᠨᠢ ᠭᠠᠵᠠᠷ ᠳᠡᠭᠡᠷᠡᠬᠢ ᠨᠥᠯᠥᠭᠡ ᠶᠢ ᠭᠥᠷᠳᠡᠵᠦ᠂ ᠨᠠᠩ ᠥᠨᠳᠥᠷ ᠪᠥᠬᠡ ᠶᠢᠨ ᠤᠷ᠎ᠠ ᠮᠡᠷᠭᠡᠵᠢᠯ ᠱᠠᠭᠠᠷᠳᠠᠭᠳᠠᠨ᠎ᠠ᠂  ᠲᠤᠰ ᠤᠳᠠᠭᠠᠨ ᠤ ᠮᠥᠰᠥ ᠴᠠᠰᠤᠨ ᠤ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ︾  ᠭᠡᠵᠥ ᠪᠦᠭᠡᠴᠢᠨ ᠨᠠᠨᠳᠢᠨ ᠶᠠᠷᠢᠨ᠎ᠠ ᠃    ᠣᠶᠢᠷ᠎ᠠ ᠶᠢᠨ ᠵᠢᠯ ᠠᠴᠠ ᠨᠠᠰᠢ᠂  ᠬᠤᠷᠴᠢᠨ ᠵᠡᠬᠦᠨ ᠭᠠᠷᠤᠨ ᠬᠤᠶᠢᠳᠤ  ᠬᠤᠰᠢᠭᠤ᠂  ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠳᠣᠲᠣᠭᠠᠳᠤ ᠶᠢᠨ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠵᠢᠭᠤᠯᠴᠢᠯᠠᠯ ᠤᠨ ᠲᠥᠷᠥᠯ ᠵᠦᠢᠯ ᠢ ᠨᠠᠷᠢᠨ ᠨᠢᠮᠪᠠᠶ ᠲᠥᠰᠦᠪᠯᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠡᠭᠦᠳᠴᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠪᠦᠯ ᠤᠨ ᠤᠯᠠᠷᠢᠯ ᠤᠨ ᠮᠥᠰᠥ ᠴᠠᠰᠤᠨ ᠤ ᠥᠩᠭᠡ ᠦᠵᠡᠮᠵᠢ ᠪᠠ ᠥᠪᠡᠷᠮᠢᠴᠡ ᠠᠷᠠᠳ ᠤᠨ ᠵᠠᠩ ᠦᠢᠯᠡ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ︽ᠵᠢᠭᠤᠯᠴᠢᠯᠠᠯ ᠤᠨ ᠬᠥᠳᠡᠭᠡ ᠲᠣᠰᠬᠤᠨ︾᠂ ︽ᠵᠢᠭᠤᠯᠴᠢᠯᠠᠯ ᠤᠨ ᠪᠡᠶ᠎ᠡ ᠶᠢᠨ ᠲᠠᠮᠢᠷ︾᠂ ︽ᠵᠢᠭᠤᠯᠴᠢᠯᠠᠯ ᠤᠨ ᠨᠠᠶᠢᠷ︾ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃ ︽ᠡᠨᠡ ᠵᠢᠯ᠂ ᠪᠢᠳᠡ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠷᠥᠯ ᠵᠦᠢᠯ ᠢ ᠨᠠᠷᠢᠨ ᠨᠢᠮᠪᠠᠶ ᠲᠥᠰᠦᠪᠯᠡᠵᠦ᠂ ᠮᠥᠰᠥ ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠢ ᠪᠣᠶ ᠪᠣᠯᠭᠠᠵᠤ᠂ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠪᠡᠶ᠎ᠡ ᠶᠢᠨ ᠲᠠᠮᠢᠷ᠂ ᠮᠥᠰᠥ ᠴᠠᠰᠤᠨ ᠤ ᠰᠣᠶᠣᠯ ᠢ ᠶᠡᠬᠡᠪᠡᠷ ᠬᠥᠭᠵᠢᠭᠦᠯᠵᠦ᠂ ︽ᠮᠥᠰᠥ ᠴᠠᠰᠤᠨ ᠤ ᠬᠦᠢᠳᠡᠨ ᠡᠬᠢ ᠪᠠᠶᠠᠯᠢᠭ︾ ᠢ ︽ᠵᠢᠭᠤᠯᠴᠢᠯᠠᠯ ᠤᠨ  ᠬᠠᠯᠠᠮᠰᠢᠯ ᠠᠵᠤ ᠠᠬᠤᠶ︾ ᠪᠣᠯᠭᠠᠨ ᠬᠤᠪᠢᠷᠠᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠪᠦᠯ ᠤᠨ ᠤᠯᠠᠷᠢᠯ ᠤᠨ ᠮᠥᠰᠥ ᠴᠠᠰᠤᠨ ᠤ ᠥᠩᠭᠡ ᠦᠵᠡᠮᠵᠢ ᠪᠠ ᠥᠪᠡᠷᠮᠢᠴᠡ ᠠᠷᠠᠳ ᠤᠨ ᠵᠠᠩ ᠦᠢᠯᠡ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠡᠷᠡᠭᠯᠡᠭᠡ ᠶᠢᠨ ᠳᠠᠬᠢᠨ ᠲᠠᠰ ᠳᠡᠪᠰᠢᠬᠦ ᠶᠢ ᠠᠬᠢᠭᠤᠯᠵᠦ ᠪᠠᠶᠢᠨ᠎ᠠ ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号