︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠬᠥᠲᠥᠯᠪᠦᠷᠢ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/12/9
                         ᠨᠡᠶᠢᠲᠡᠯᠡᠭᠰᠡᠨ ᠴᠠᠭ᠄ 2024/12/6       ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 3 ᠤ ᠴᠠᠭᠢᠯᠭᠠᠨ ᠮᠡᠳᠡᠭᠡ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ  ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠰᠢ ᠶᠢᠨ  ᠫᠢᠩ ᠤᠨ ᠰᠣᠶᠣᠯ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠬᠥᠲᠥᠯᠪᠦᠷᠢ︾ ︵ᠳᠣᠷᠣᠭᠰᠢ ︽ᠬᠥᠲᠥᠯᠪᠦᠷᠢ︾ ᠭᠡᠵᠦ ᠳᠥᠭᠦᠮᠴᠢᠯᠡᠨ᠎ᠡ︶ ᠭᠡᠬᠦ ᠨᠣᠮ ᠢ  ᠰᠤᠷᠤᠯᠴᠠᠯᠭ᠎ᠠ ᠬᠡᠪᠯᠡᠯ ᠤᠨ ᠬᠤᠷᠢᠶ᠎ᠠ᠂ ᠠᠷᠠᠳ ᠤᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠭᠦᠯᠵᠦ᠂ ᠲᠣᠰ ᠡᠳᠦᠷ ᠠᠴᠠ ᠡᠬᠢᠯᠡᠨ ᠪᠦᠭᠦ ᠤᠯᠤᠰ ᠲᠤ  ᠲᠠᠷᠬᠠᠭᠠᠪᠠ᠃           ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠣᠯᠣᠨ  ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠤ ᠰᠠᠭᠤᠷᠢᠯᠠᠵᠤ᠂ ᠰᠣᠶᠣᠯ ᠤᠨ ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ  ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ  ᠦᠵᠡᠯᠲᠡ ᠰᠢᠨ᠎ᠡ ᠨᠤᠲᠠᠯᠠᠯᠲᠠ ᠶᠢ ᠪᠦᠲᠦᠭᠡᠯᠴᠢ ᠴᠢᠨᠠᠷᠲᠠᠢ ᠳᠤᠷᠠᠳᠴᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠡᠢ᠃ ᠰᠢ ᠶᠢᠨ  ᠫᠢᠩ ᠤᠨ ᠰᠣᠶᠣᠯ ᠤᠨ ᠦᠵᠡᠯ ᠰᠠᠨᠠᠭ᠎ᠠ ᠰᠢᠨ᠎ᠡ ᠴᠠᠭ ᠦᠶ᠎ᠡ ᠳᠤ ᠶᠠᠮᠠᠷ ᠶᠠᠩᠵᠤ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ  ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠬᠡᠷᠬᠢᠨ ᠪᠠᠷᠢᠮᠲᠠᠯᠠᠨ ᠬᠥᠭᠵᠢᠭᠦᠯᠬᠦ ᠴᠢᠬᠤᠯᠠ ᠶᠡᠭᠡ  ᠰᠡᠳᠦᠪ ᠲᠤ ᠰᠢᠰᠲ᠋ᠧᠮ ᠲᠠᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ ᠪᠠᠶᠢᠷᠢ ᠰᠠᠭᠤᠷᠢ ᠦᠢᠯᠡᠳᠦᠯ᠂ ᠬᠠᠷᠠᠯᠲᠠ  ᠡᠭᠦᠷᠭᠡ᠂ ᠴᠢᠭᠯᠡᠯᠲᠡ ᠵᠠᠷᠴᠢᠮ᠂ ᠪᠠᠶᠢᠯᠳᠤᠬᠤ ᠪᠣᠳᠣᠯᠭ᠎ᠠ ᠶᠢᠨ ᠠᠷᠭ᠎ᠠ ᠵᠠᠮ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ  ᠴᠠᠭ ᠦᠶ᠎ᠡ ᠶᠢᠨ ᠨᠠᠮ ᠤᠨ ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ ᠦᠢᠯᠡᠳᠦᠯᠭᠡ ᠶᠢᠨ ᠲᠤᠷᠰᠢᠯᠭ᠎ᠠ ᠶᠢᠨ ᠣᠨᠣᠯ ᠤᠨ ᠳ᠋ᠦᠩᠨᠡᠯᠲᠡ ᠮᠥᠨ᠂ ︽ᠬᠤᠶᠠᠷ ᠢ  ᠤᠶᠠᠯᠳᠤᠭᠤᠯᠬᠤ︾ ᠶᠢ ᠪᠠᠷᠢᠮᠲᠠᠯᠠᠭᠰᠠᠨ᠂ ᠮᠠᠷᠺᠰ ᠤᠨ ᠦᠵᠡᠯ ᠤᠨ ᠰᠣᠶᠣᠯ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠤᠭᠰᠠᠨ ᠴᠢᠬᠤᠯᠠ ᠶᠡᠭᠡ ᠦᠷ᠎ᠡ  ᠪᠦᠲᠦᠭᠡᠯ ᠮᠥᠨ᠂ ᠲᠥᠪ ᠶᠣᠰᠣ ᠬᠢᠭᠡᠳ ᠶᠢᠷᠲᠢᠨᠴᠦ ᠶᠢ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠮᠥᠨ ᠴᠢᠨᠠᠷ ᠪᠠ ᠢᠯᠡᠷᠡᠯ ᠢ ᠨᠡᠪᠲᠡᠷᠡᠯᠴᠡᠭᠦᠯᠦᠭᠰᠡᠨ  ᠰᠢᠨᠵᠢᠯᠡᠬᠦ ᠤᠬᠠᠭᠠᠨ ᠤ ᠰᠢᠰᠲ᠋ᠧᠮ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ  ᠰᠠᠨᠠᠭᠠᠨ ᠤ ᠰᠣᠶᠣᠯ ᠤᠨ ᠬᠠᠭᠤᠳᠠᠰᠤ ᠶᠢ ᠪᠦᠷᠢᠯᠳᠦᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ  ᠠᠵᠢᠯ ᠢ ᠰᠠᠶᠢᠲᠤᠷ ᠬᠢᠬᠦ᠂ ᠰᠣᠶᠣᠯ ᠤᠨ ᠴᠡᠴᠡᠭᠯᠡᠯ ᠢ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠷᠬᠡᠭ ᠶᠡᠭᠡ ᠦᠵᠡᠯ      ᠰᠠᠨᠠᠭᠠᠨ      ᠤ      ᠵᠡᠪᠰᠡᠭ ᠪᠠ ᠰᠢᠨᠵᠢᠯᠡᠬᠦ ᠤᠬᠠᠭᠠᠨ ᠤ ᠠᠵᠢᠯᠯᠠᠭᠠᠨ ᠤ ᠵᠦᠭᠯᠡᠭᠦᠷ ᠬᠠᠩᠭᠠᠪᠠ᠃          ︽ᠬᠥᠲᠥᠯᠪᠦᠷᠢ︾ ᠨᠢ 14 ᠪᠦᠯᠦᠭ᠂ 85 ᠵᠦᠢᠯ᠂ 6.8 ᠲᠦᠮᠡᠨ ᠦᠰᠦᠭ   ᠲᠠᠢ᠃ ᠪᠦᠭᠦ ᠨᠣᠮ ᠳᠤ ᠰᠢ ᠶᠢᠨ ᠫᠢᠩ ᠤᠨ ᠰᠣᠶᠣᠯ ᠤᠨ ᠦᠵᠡᠯ  ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ  ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ  ᠰᠣᠶᠣᠯ ᠤᠨ ᠬᠦᠷᠢᠶᠡᠨ ᠳᠠᠬᠢ ᠤᠤᠭᠠᠯ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠶᠢ ᠪᠦᠭᠦ ᠲᠠᠯ᠎ᠠ ᠪᠠᠷ ᠲᠤᠰᠬᠠᠪᠠ᠃ ︽ᠬᠥᠲᠥᠯᠪᠦᠷᠢ︾ ᠶᠢᠨ ᠥᠭᠦᠯᠡᠯᠲᠡ  ᠭᠦᠨᠵᠡᠭᠡᠢ᠂ ᠪᠦᠲᠦᠴᠡ ᠨᠢᠭᠲᠠ ᠴᠢᠩᠭ᠎ᠠ᠂ ᠤᠭ ᠪᠦᠲᠦᠭᠡᠯ ᠤᠭ ᠵᠣᠬᠢᠶᠠᠯ ᠳᠤ ᠦᠨᠡᠨᠴᠢ ᠰᠢᠳᠤᠷᠭᠤ᠂ ᠵᠣᠬᠢᠶᠠᠯ ᠤᠨ ᠰᠤᠷᠲᠠᠯ ᠠᠮᠢᠳᠤᠯᠢᠭ ᠪᠣᠷᠣᠭᠵᠢᠭᠤᠨ ᠪᠠᠶᠢᠵᠤ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ᠂ ᠤᠯᠠᠨ ᠲᠦᠮᠡᠨ ᠤ ᠰᠢ ᠶᠢᠨ ᠫᠢᠩ ᠤᠨ ᠰᠣᠶᠣᠯ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠡᠷᠬᠡ  ᠰᠦᠷᠲᠦ ᠬᠠᠪᠰᠤᠷᠤᠮᠵᠢ ᠤᠩᠰᠢᠬᠤ ᠪᠢᠴᠢᠭ ᠮᠥᠨ᠃          ᠲᠥᠪ ᠤᠨ ᠤᠬᠠᠭᠤᠯᠬᠤ ᠬᠡᠯᠲᠡᠰ ᠮᠡᠳᠡᠭᠳᠡᠯ ᠪᠠᠭᠤᠯᠭᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽  ᠬᠥᠲᠥᠯᠪᠦᠷᠢ︾ ᠶᠢ ᠰᠤᠷᠤᠯᠴᠠᠬᠤ ᠲᠥᠯᠥᠪᠯᠡᠭᠡ ᠳᠡᠭᠡᠨ ᠣᠷᠣᠭᠤᠯᠵᠤ᠂ ᠲᠡᠷᠡ ᠬᠡᠪ ᠢᠶᠠᠷ  ᠨᠢ ᠭᠦᠨᠵᠡᠭᠡᠢ ᠰᠢᠰᠲ᠋ᠧᠮ ᠲᠠᠢ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ  ᠤᠶᠠᠯᠳᠤᠭᠤᠯᠤᠨ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ᠂ ᠨᠡᠪᠳᠡᠷᠡᠳᠡᠯ᠎ᠠ  ᠲᠤᠭᠤᠰᠢᠲᠠᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ  ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠶᠢ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠩ  ᠤᠬᠠᠮᠰᠠᠷ ᠠᠴᠠ ᠪᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠪᠣᠳᠠᠲᠠᠢ ᠠᠰᠠᠭᠤᠳᠠᠯ ᠢ ᠵᠢᠯᠣᠭᠤᠳᠤᠨ ᠰᠢᠢᠳᠪᠦᠷᠢᠯᠡᠵᠦ᠂ ᠰᠣᠶᠣᠯ ᠤᠨ  ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠳᠠᠪᠤᠷᠢ ᠪᠠ  ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ  ᠦᠢᠯᠡᠰ ᠢ ᠪᠦᠭᠦ ᠲᠠᠯ᠎ᠠ ᠪᠠᠷ ᠠᠬᠢᠭᠤᠯᠬᠤ  ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠦ ᠱᠠᠭᠠᠷᠳᠠᠵᠠᠢ᠃        ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ    
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号