| ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ | ᠲᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠭᠠᠯ ᠤᠨᠳᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠲᠠᠢ | ᠬᠠᠮᠲᠤᠷᠠᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠠᠩᠬᠢ ᠳᠤ ᠤᠷᠤᠯᠴᠠᠬᠤ ᠲᠤᠬᠠᠢ ︽ᠠᠮᠤᠷ ᠲᠦᠪᠰᠢᠨ ᠤ ᠰᠠᠬᠢᠨ ᠬᠠᠮᠠᠭᠠᠯᠠᠯᠲᠠ︾ ᠬᠡᠰᠡᠨ ᠲᠤᠰᠬᠠᠢ ᠠᠵᠢᠯᠯᠠᠭ᠎ᠠ ᠶᠢ | ᠥᠷᠨᠢᠭᠦᠯᠪᠡ᠃ ᠪᠡᠶ᠎ᠡ ᠮᠠᠬᠠᠪᠤᠳ ᠤᠨ ᠪᠣᠯᠪᠠᠰᠤᠷᠠᠯ ᠢᠶᠠᠷ ᠭᠤᠤᠯᠯᠠᠳᠠᠭ ᠪᠥᠵᠢᠭ᠂ ᠪᠡᠶ᠎ᠡ ᠶᠢᠨ ᠲᠠᠮᠢᠷ ᠵᠡᠷᠭᠡ ᠨᠢ | ᠠᠮᠠᠷᠬᠠᠨ ᠭᠡᠮᠲᠦᠯ ᠰᠢᠷᠬᠠᠲᠤᠯ ᠡᠬᠦᠰᠭᠡᠳᠡᠭ ᠪᠤᠯᠬᠤᠷ ᠬᠡᠦᠬᠡᠳ ᠤᠳ ᠡᠶᠢᠮᠦᠷᠬᠦ ᠪᠤᠯᠪᠠᠰᠤᠷᠠᠯ ᠳᠤ ᠬᠡᠲᠦ ᠡᠷᠲᠡ | ᠤᠷᠤᠯᠴᠠᠬᠤ ᠦᠬᠡᠢ ᠪᠠᠶᠢᠬᠤ ᠶᠢ ᠰᠠᠨᠠᠭᠤᠯᠵᠤ ᠪᠠᠶᠢᠨ᠎ᠠ | ᠰᠠᠨᠠᠭᠤᠯᠤᠮᠵᠢ ᠳᠤ ᠪᠠᠰᠠ ᠵᠢᠭᠠᠬᠤ ᠳᠠᠭᠠᠨ᠂ ᠬᠡᠦᠬᠡᠳ ᠤᠨ ᠪᠡᠶ᠎ᠡ ᠮᠠᠬᠠᠪᠤᠳ ᠤᠨ ᠦᠰᠦᠨ ᠪᠤᠶᠢᠵᠢᠯᠲᠠ ᠶᠢᠨ | ᠶᠠᠪᠤᠴᠠ ᠨᠢ ᠠᠳᠠᠯᠢ ᠪᠤᠰᠤ ᠱᠠᠳᠤ ᠦᠶ᠎ᠡ ᠳᠤ ᠪᠠᠶᠢᠳᠠᠭ ᠪᠤᠯᠬᠤᠷ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠬᠤ | ᠬᠡᠷᠡᠭᠲᠡᠢ᠃ ᠡᠭᠦᠨ ᠠᠴᠠ ᠭᠠᠳᠠᠨ᠎ᠠ᠂ ᠬᠡᠦᠬᠡᠳ ᠢ ᠪᠣᠯᠪᠠᠰᠤᠷᠠᠭᠤᠯᠬᠤ ᠳᠤ ᠲᠤᠰᠬᠠᠢ ᠮᠡᠷᠭᠡᠵᠢᠯ ᠤᠨ ᠬᠠᠮᠠᠭᠠᠯᠠᠯᠲᠠ | ᠬᠢᠬᠦ ᠴᠢᠬᠤᠯᠠᠳᠡᠢ ᠬᠡᠵᠠᠢ᠃ ᠠᠷᠠᠳ ᠤᠨ ᠰᠦᠯᠵᠢᠶ᠎ᠡ | |