| | — ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠲᠤᠰᠬᠠᠶ ᠰᠡᠳᠦᠪᠲᠦ ᠰᠤᠳᠤᠯᠤᠨ | ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠶᠢᠨ ᠲᠤᠬᠠᠶ ᠥᠭᠦᠯᠡᠬᠦ ᠨᠢ | ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | ︽ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ | ᠬᠦᠴᠦᠷᠬᠡᠭ ᠤᠯᠤᠰ ᠢ ᠪᠠᠶᠢᠭᠤᠯᠬᠤ ᠳᠤ ᠬᠠᠤᠯᠢᠵᠢᠯ ᠪᠣᠯᠤᠨ ᠶᠣᠰᠣ ᠰᠤᠷᠲᠠᠬᠤᠨ ᠢᠶᠠᠷ ᠵᠠᠰᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ | ᠢᠳᠡᠪᠬᠢᠲᠡᠢ ᠪᠤᠶᠢᠵᠢᠭᠤᠯᠬᠤ ᠬᠡᠷᠡᠭᠲᠡᠢ︾᠃ ᠮᠤᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷᠴᠤᠳ ᠤᠨ | ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ | ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠪᠤᠶᠢᠵᠢᠭᠤᠯᠤᠨ ᠪᠠᠳᠠᠷᠠᠭᠤᠯᠬᠤ ᠡᠨᠡ ᠬᠦ ᠴᠢᠬᠤᠯᠠ | ᠶᠡᠭᠡ ᠰᠡᠳᠦᠪ ᠢ ᠲᠣᠳᠣᠷᠬᠠᠢ ᠲᠤᠷᠠᠳᠴᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ | ᠰᠣᠶᠣᠯ ᠤᠨ ᠲᠠᠪᠤᠨ ᠲᠠᠯ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠂ | ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠰᠠᠶᠢᠲᠤᠷ | ᠵᠠᠮᠨᠠᠬᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ | ᠵᠢᠯᠣᠭᠤᠳᠬᠤ ᠠᠴᠢ ᠬᠤᠯᠪᠣᠭᠳᠠᠯ ᠲᠠᠢ ᠶᠤᠮ᠃ | ᠰᠣᠶᠣᠯ ᠪᠣᠯ ᠨᠢᠭᠡ ᠤᠯᠤᠰ᠂ ᠨᠢᠭᠡ ᠦᠨᠳᠦᠰᠦᠲᠡᠨ ᠤ ᠰᠦᠭ ᠰᠦᠨᠡᠰᠦ ᠮᠥᠨ᠃ ᠮᠠᠨ ᠤ ᠤᠯᠤᠰ ᠤᠨ | ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠬᠦᠴᠦᠷᠬᠡᠭ | ᠤᠯᠤᠰ ᠢ ᠪᠠᠶᠢᠭᠤᠯᠬᠤ ᠳᠤ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠮᠥᠩᠭᠦᠨ | ᠭᠦᠢᠯᠭᠡᠭᠡᠨ ᠤ ᠰᠠᠭᠤᠷᠢ ᠲᠥᠬᠦᠭᠡᠷᠦᠮᠵᠢ ᠵᠡᠷᠭᠡ ︽ᠬᠠᠲᠠᠭᠤ ᠪᠣᠳᠠᠲᠤ ᠬᠦᠴᠦᠨ︾ ᠤ ᠪᠠᠶᠢᠭᠤᠯᠤᠯᠲᠠ ᠶᠢ | ᠴᠢᠩᠭᠠᠳᠬᠠᠬᠤ ᠪᠠᠷ ᠪᠠᠷᠠᠬᠤ ᠦᠭᠡᠢ᠂ ᠪᠠᠰᠠ ᠦᠷᠳᠡᠭ ᠤᠨ ᠦᠵᠡᠯᠲᠡ᠂ ᠠᠵᠢᠯᠯᠠᠭ᠎ᠠ ᠶᠢᠨ ᠵᠢᠷᠤᠮᠵᠢᠯ ᠵᠡᠷᠭᠡ ︽ | ᠵᠥᠭᠡᠯᠡᠨ ᠪᠣᠳᠠᠲᠤ ᠬᠦᠴᠦᠨ︾ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ | ᠮᠠᠷᠺᠰ ᠤᠨ ᠦᠵᠡᠯ ᠤᠨ ᠮᠥᠩᠭᠦᠨ ᠭᠦᠢᠯᠭᠡᠭᠡᠨ ᠤ ᠤᠨᠤᠯ ᠢ ᠤᠳᠤ ᠦᠶ᠎ᠡ ᠶᠢᠨ ᠳᠤᠮᠳᠠᠳᠤ ᠤᠯᠤᠰ ᠤᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ | ᠮᠥᠩᠭᠦᠨ ᠭᠦᠢᠯᠭᠡᠭᠡᠨ ᠤ ᠦᠢᠯᠡᠳᠦᠯᠭᠡ ᠶᠢᠨ ᠰᠢᠨ᠎ᠡ ᠡᠭᠦᠳᠦᠯᠲᠡ᠂ ᠤᠨᠤᠯ ᠤᠨ ᠰᠢᠨ᠎ᠡ ᠡᠭᠦᠳᠦᠯᠲᠡ᠂ ᠲᠦᠷᠢᠮ ᠤᠨ | ᠰᠢᠨ᠎ᠡ ᠡᠭᠦᠳᠦᠯᠲᠡ ᠶᠢ ᠲᠠᠰᠤᠷᠠᠯᠳᠡ ᠦᠭᠡᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠢᠳᠡᠭ ᠢᠳᠡᠭ ᠢᠶᠠᠷ ᠵᠠᠮᠨᠠᠪᠠ᠃ ︽ᠦᠨᠡᠨᠴᠢ ᠢᠲᠡᠭᠡᠮᠵᠢᠲᠡᠢ ᠪᠠᠶᠢᠵᠤ᠂ | ᠬᠤᠷᠢᠭ᠎ᠠ ᠱᠤᠭᠤᠮ ᠢ ᠳᠠᠪᠠᠵᠦ ᠪᠤᠯᠬᠤ ᠦᠭᠡᠢ︔ ᠠᠰᠢᠭ ᠬᠤᠨᠵᠢᠪᠦᠷᠢ ᠶᠢ ᠰᠢᠳᠤᠷᠭᠤ ᠪᠠᠷ ᠤᠯᠵᠤ᠂ ᠠᠰᠢᠭ | ᠬᠤᠨᠵᠢᠪᠦᠷᠢ ᠳᠤ ᠰᠢᠨᠤᠵᠦ ᠪᠤᠯᠬᠤ ᠦᠭᠡᠢ︔ ᠯᠠᠪᠳᠠᠭᠤᠨ ᠪᠣᠯᠭᠤᠮᠵᠢᠲᠠᠢ ᠪᠠᠶᠢᠵᠤ᠂ ᠨᠡᠷ᠎ᠡ ᠭᠠᠪᠢᠶ᠎ᠠ ᠶᠢ ᠶᠠᠭᠠᠷᠠᠨ | ᠬᠥᠭᠡᠭᠡᠴᠡᠯᠳᠦᠵᠦ ᠪᠤᠯᠬᠤ ᠦᠭᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠣᠳᠠᠲᠠᠶ ᠪᠠᠶᠢᠳᠠᠯ ᠠᠴᠠ | ᠰᠠᠯᠵᠤ ᠬᠡᠶᠢᠰᠪᠦᠷᠢ ᠵᠦᠢᠯ ᠢ ᠬᠥᠭᠡᠭᠡᠴᠡᠯᠳᠦᠵᠦ ᠪᠤᠯᠬᠤ ᠥᠬᠡᠶ︔ ᠬᠠᠤᠯᠢ ᠲᠣᠭᠲᠠᠭᠠᠯ ᠶᠣᠰᠣᠭᠠᠷ ᠬᠦᠢᠴᠡᠳᠭᠡᠵᠦ᠂ | ᠰᠠᠨᠠᠭ᠎ᠠ ᠪᠠᠷ ᠢᠶᠠᠨ ᠰᠠᠪᠠᠵᠤ ᠵᠢᠯᠤᠭᠤ ᠪᠠᠷ ᠢᠶᠠᠨ ᠵᠤᠳᠤᠵᠤ ᠪᠤᠯᠬᠤ ᠦᠭᠡᠢ︾᠃ ᠶᠡᠷᠦᠩᠬᠡᠢ ᠱᠦᠵᠢ ᠰᠢ ᠶᠢᠨ | ᠫᠢᠩ ᠤᠨ ᠳᠤᠷᠠᠳᠤᠭᠰᠠᠨ ᠡᠨᠡ ᠲᠠᠪᠤᠨ ᠲᠠᠯ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠨᠢ ᠮᠠᠨ ᠤ ᠨᠠᠮ ᠤᠨ ᠮᠥᠩᠭᠦᠨ | ᠭᠦᠢᠯᠭᠡᠭᠡᠨ ᠤ ᠠᠵᠢᠯ ᠤᠨ ᠮᠥᠨ ᠴᠢᠨᠠᠷ ᠤᠨ ᠵᠢᠮ᠎ᠡ ᠶᠣᠰᠣ ᠪᠣᠯᠤᠨ ᠬᠥᠭᠵᠢᠯᠲᠡ ᠶᠢᠨ ᠵᠠᠮ ᠤᠨ ᠲᠤᠬᠠᠢ | ᠲᠠᠨᠢᠯᠲᠠ ᠪᠠᠨ ᠤᠯᠠᠮ ᠴᠢᠨᠠᠭᠰᠢᠳᠠ ᠬᠦᠨᠵᠡᠭᠡᠶᠢᠷᠡᠬᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ | ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠳᠤ ᠴᠢᠷᠮᠠᠶᠢᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ | ᠪᠤᠶᠢᠵᠢᠭᠤᠯᠬᠤ ᠳᠤ ︽ᠳᠤᠮᠳᠠᠳᠤ ᠤᠯᠤᠰ ᠤᠨ ᠣᠨᠴᠠᠯᠢᠭ︾ ᠭᠡᠬᠦ ᠡᠨᠡ ᠬᠦ ᠵᠠᠩᠭᠢᠯᠠᠭ᠎ᠠ ᠶᠢ ᠲᠤᠪᠤᠶᠢᠯᠭᠠᠬᠤ ᠬᠡᠷᠡᠭᠲᠡᠢ | ᠃ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ᠂ ᠳᠤᠮᠳᠠᠳᠤ ᠶᠢᠨ ᠰᠣᠶᠣᠯ ᠥᠷᠭᠡᠨ ᠳᠡᠯᠭᠡᠷ ᠭᠦᠨ | ᠭᠦᠨᠵᠡᠭᠡᠢ ᠪᠠᠶᠢᠵᠤ᠂ ᠡᠯᠪᠡᠭ ᠪᠠᠶᠠᠯᠢᠭ ᠶᠣᠰᠣ ᠰᠤᠷᠲᠠᠬᠤᠨ ᠤ ᠡᠬᠢ ᠪᠠᠶᠠᠯᠢᠭ ᠠᠭᠤᠯᠤᠭᠳᠠᠵᠤ ᠪᠠᠶᠢᠳᠠᠭ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠠᠴᠠ ᠰᠢᠮ᠎ᠡ ᠲᠡᠵᠢᠭᠡᠯ ᠬᠦᠷᠳᠡᠬᠦ ᠪᠣᠯ ᠳᠤᠮᠳᠠᠳᠤ ᠤᠯᠤᠰ ᠤᠨ | ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠪᠤᠶᠢᠵᠢᠭᠤᠯᠬᠤ ᠲᠣᠲᠣᠭᠠᠳᠤ ᠱᠠᠭᠠᠷᠳᠠᠯᠭ᠎ᠠ ᠪᠣᠯᠤᠨ᠎ᠠ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠨᠢ ᠢᠲᠡᠭᠡᠮᠵᠢ ᠶᠢ ᠴᠢᠬᠤᠯᠠᠴᠢᠯᠠᠨ ᠠᠮᠠᠯᠠᠯᠲᠠ ᠪᠠᠨ ᠵᠢᠷᠤᠮᠯᠠᠵᠤ᠂ | ᠮᠥᠩᠭᠦᠨ ᠭᠦᠢᠯᠭᠡᠭᠡᠨ ᠤ ᠠᠵᠢᠯ ᠲᠦᠷᠦᠯ ᠨᠢ ᠢᠲᠡᠭᠡᠮᠵᠢ ᠪᠠᠷ ᠰᠠᠭᠤᠷᠢ ᠪᠣᠯᠭᠠᠬᠤ ᠶᠢ ᠴᠢᠬᠤᠯᠠᠴᠢᠯᠠᠳᠠᠭ ᠪᠤᠯᠬᠤᠷ | ᠡᠷᠬᠡᠪᠰᠢ ᠭᠡᠷ᠎ᠡ ᠶᠢᠨ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠪᠡᠶᠡᠯᠡᠭᠦᠯᠬᠦ | ᠬᠡᠷᠡᠭᠲᠡᠢ᠃ ︽ᠵᠢᠷᠤᠮ ᠢ ᠡᠷᠬᠢᠮᠯᠡᠵᠦ ᠠᠰᠢᠭ ᠣᠯᠤᠭᠰᠠᠳ ᠢᠷᠠᠭᠤ ᠠᠯᠳᠠᠷ ᠲᠠᠢ᠂ ᠵᠢᠷᠦᠮ ᠢ ᠲᠡᠷᠰᠯᠡᠵᠦ ᠠᠰᠢᠭ | ᠣᠯᠤᠭᠰᠠᠳ ᠢᠴᠢᠭᠦᠷᠢ ᠭᠤᠲᠤᠮᠰᠢᠭ ᠲᠠᠢ︾᠂ ᠮᠥᠩᠭᠦᠨ ᠭᠦᠢᠯᠭᠡᠭᠡ ᠪᠣᠯ ᠴᠢᠳᠠᠮᠵᠢᠳᠤ ᠴᠢᠨᠠᠷ ᠪᠠ ᠠᠰᠢᠭ ᠤᠯᠬᠤ | ᠴᠢᠨᠠᠷ ᠤᠨ ᠳᠠᠪᠬᠤᠷ ᠥᠪᠡᠷᠮᠢᠴᠡ ᠴᠢᠨᠠᠷ ᠲᠠᠢ ᠪᠠᠶᠢᠳᠠᠭ ᠪᠣᠯᠬᠤᠷ ᠡᠷᠬᠡᠪᠰᠢ ᠵᠢᠷᠤᠮ ᠢ ᠡᠷᠬᠢᠮᠯᠡᠨ ᠠᠰᠢᠭ ᠣᠯᠵᠤ᠂ | ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ᠃ ︽ | ᠬᠤᠷᠳᠤᠨ ᠢ ᠬᠦᠰᠡᠪᠡᠰᠦ ᠲᠦᠬᠡᠮᠡᠯ ᠦᠭᠡᠢ ᠪᠤᠯᠤᠮᠤᠢ᠂ ᠪᠠᠭ᠎ᠠ ᠰᠠᠭ᠎ᠠ ᠠᠰᠢᠭ ᠲᠤᠷ ᠤᠷᠤᠪᠠᠰᠤ ᠶᠡᠭᠡ ᠬᠡᠷᠡᠭ ᠦᠯᠦ | ᠪᠦᠳᠦᠮᠦᠢ︾᠂ ᠮᠥᠩᠭᠦᠨ ᠭᠦᠢᠯᠭᠡᠭᠡᠨ ᠤ ᠦᠢᠯᠡᠰ ᠪᠣᠯ ᠣᠨᠴᠠᠭᠠᠢ ᠠᠶᠤᠯ ᠲᠦᠭᠰᠢᠭᠦᠷᠢ ᠶᠡᠬᠡᠲᠡᠢ ᠠᠵᠢᠯ ᠲᠦᠷᠦᠯ | ᠪᠤᠯᠬᠤ ᠲᠤᠯᠠ ᠡᠷᠬᠡᠪᠰᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠡᠭᠦᠷᠢᠳᠡ ᠶᠢᠨ ᠭᠤᠣᠯ ᠰᠡᠳᠦᠪ | ᠪᠣᠯᠭᠠᠬᠤ ᠶᠢ ᠢᠮᠠᠭᠲᠠ ᠪᠠᠷᠢᠮᠲᠠᠯᠠᠵᠦ᠂ ᠠᠪᠤᠨ ᠲᠣᠣᠷ᠎ᠠ ᠪᠠᠨ ᠠᠰᠢᠭ ᠤᠯᠬᠤ ᠪᠠᠷ ᠶᠠᠭᠠᠷᠠᠵᠤ ᠪᠣᠯᠬᠤ ᠦᠭᠡᠢ᠃ ︽ | ᠨᠢᠭᠡᠨ ᠡᠳᠦᠷ ᠰᠢᠨᠡᠳᠭᠡᠪᠡᠰᠦ᠂ ᠡᠳᠦᠷ ᠪᠦᠷᠢ ᠰᠢᠨᠡᠳᠴᠦ᠂ ᠡᠳᠦᠷ ᠠᠴᠠ ᠡᠳᠦᠷ ᠰᠢᠨᠠᠳᠤᠨᠠ︾᠂ ᠰᠢᠨ᠎ᠡ ᠶᠢ | ᠡᠭᠦᠳᠬᠦ ᠪᠣᠯ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠮᠥᠨ᠂ | ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠂ ᠭᠡᠪᠡᠴᠦ | ᠰᠢᠨ᠎ᠡ ᠶᠢ ᠡᠭᠦᠳᠬᠦ ᠨᠡᠷ᠎ᠡ ᠪᠠᠷ ᠰᠣᠬᠤᠷ ᠪᠠᠯᠠᠢ ᠪᠠᠷ ᠳᠡᠯᠭᠡᠭᠦᠷ ᠨᠡᠭᠡᠭᠡᠵᠦ᠂ ᠪᠡᠯᠡ ᠮᠥᠩᠭᠦ ᠶᠢᠨ ᠲᠣᠲᠣᠭᠠᠳᠤ ᠶᠢᠨ | ᠡᠷᠭᠢᠯᠲᠡ ᠶᠢ ᠶᠡᠭᠡ ᠪᠠᠷ ᠬᠢᠵᠦ᠂ ᠪᠣᠳᠠᠲᠠᠢ ᠠᠴᠠ ᠠᠩᠭᠢᠵᠢᠷᠠᠨ ᠬᠡᠶᠢᠰᠪᠦᠷᠢ ᠲᠡᠶᠢᠰᠢ ᠶᠠᠪᠤᠵᠤ ᠪᠣᠯᠬᠤ ᠦᠭᠡᠢ᠃ ︽ | ᠬᠠᠤᠯᠢ ᠬᠡᠮᠡᠭᠴᠢ ᠳᠡᠯᠡᠬᠡᠢ ᠳ᠋ᠠᠬᠢᠨ ᠤ ᠵᠢᠷᠤᠮ ᠪᠤᠯᠠᠢ᠂ ᠲᠦᠮᠡᠨ ᠶᠠᠪᠤᠳᠠᠯ ᠤᠨ ᠳᠦᠷᠢ ᠲᠥᠷᠬᠦ ᠪᠤᠯᠠᠢ︾᠂ ᠮᠥᠩᠭᠦᠨ | ᠭᠦᠢᠯᠭᠡᠭᠡᠨ ᠤ ᠦᠢᠯᠡᠰ ᠨᠢ ᠵᠣᠭᠤᠰ ᠲᠠᠢ ᠬᠠᠷᠢᠯᠴᠠᠬᠤ ᠳᠠᠭᠠᠨ ᠠᠶᠠᠨᠳᠠᠭᠠᠨ ᠨᠡᠯᠢᠶᠡᠳ ᠥᠨᠳᠥᠷ ᠶᠣᠰᠣ | ᠰᠤᠷᠲᠠᠬᠤᠨ ᠤ ᠠᠶᠤᠯ ᠲᠦᠭᠰᠢᠭᠦᠷᠢ᠂ ᠠᠵᠢᠯᠯᠠᠭᠠᠨ ᠤ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠳᠠᠭ ᠪᠤᠯᠬᠤᠷ | ᠡᠷᠬᠡᠪᠰᠢ ᠬᠠᠤᠯᠢ ᠶᠣᠰᠣᠭᠠᠷ ᠡᠵᠡᠩᠨᠡᠬᠦ᠂ ᠲᠣᠭᠲᠠᠭᠠᠯ ᠳᠤ ᠨᠡᠶᠢᠴᠡᠭᠦᠯᠦᠨ ᠠᠵᠢᠯᠯᠠᠬᠤ ᠶᠢ ᠢᠮᠠᠭᠲᠠ ᠪᠠᠷᠢᠮᠲᠠᠯᠠᠬᠤ | ᠬᠡᠷᠡᠭᠲᠡᠢ᠂ ᠳᠤᠷ᠎ᠠ ᠪᠠᠷ ᠢᠶᠠᠨ ᠦᠢᠯᠡᠳᠴᠦ᠂ ᠬᠤᠷᠢᠭ᠎ᠠ ᠱᠤᠭᠤᠮ ᠢ ᠳᠠᠪᠠᠵᠤ ᠪᠣᠯᠬᠤ ᠦᠭᠡᠢ᠃ | ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠳᠤ | ᠮᠡᠳᠡᠬᠦᠢ ᠬᠢᠬᠦᠢ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠲᠦᠷᠢᠮ ᠪᠣᠯᠤᠨ | ᠲᠤᠬᠠᠶᠢᠯᠠᠭᠰᠠᠨ ᠠᠵᠢᠯ ᠤᠨ ᠬᠡᠪ ᠰᠤᠷᠲᠠᠯ ᠢ ᠪᠠᠲᠤ ᠰᠠᠬᠢᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠡᠯ᠎ᠡ ᠵᠦᠢᠯ ᠤᠨ | ᠲᠤᠬᠠᠶᠢᠯᠠᠭᠰᠠᠨ ᠠᠵᠢᠯ ᠳᠤ ᠠᠭᠤᠰᠤᠯᠴᠠᠭᠤᠯᠵᠤ᠂ ᠴᠢᠳᠠᠪᠤᠷᠢ ᠰᠠᠶᠢᠳᠠᠢ᠂ ᠴᠢᠨᠠᠷ ᠰᠠᠶᠢᠳᠠᠢ᠂ ᠬᠠᠳᠠᠭᠤ ᠴᠢᠩᠭ᠎ᠠ | ᠲᠦᠷᠢᠮ ᠲᠣᠭᠲᠠᠭᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠮᠠᠭᠲᠠ ᠬᠠᠭᠤᠷᠮᠠᠭ ᠲᠠᠩᠰᠠ ᠬᠢᠬᠦ ᠦᠭᠡᠢ᠂ | ᠦᠨᠡᠨᠴᠢ ᠰᠢᠳᠤᠷᠭᠤ ᠪᠠᠷ ᠡᠵᠡᠩᠨᠡᠵᠦ᠂ ᠢᠲᠡᠭᠡᠯ ᠬᠦᠨᠳᠦ ᠪᠠᠨ ᠨᠠᠨᠳᠢᠩᠨᠠᠵᠤ᠂ ᠬᠤᠷᠢᠭ᠎ᠠ ᠱᠤᠭᠤᠮ ᠠᠴᠠ ᠳᠠᠪᠠᠭ᠋ᠤ | ᠦᠭᠡᠢ ᠪᠠᠶᠢᠬᠤ ᠬᠡᠷᠡᠭᠲᠡᠢ᠃ ᠵᠢᠷᠤᠮ ᠪᠣᠯᠤᠨ ᠠᠰᠢᠭ ᠲᠤᠰᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤᠮᠳᠠ ᠦᠷᠳᠡᠭ ᠪᠣᠯᠤᠨ ᠠᠰᠢᠭ ᠬᠤᠨᠵᠢᠪᠣᠷᠢ ᠶᠢ | ᠡᠭᠦᠳᠦᠨ ᠪᠦᠲᠦᠭᠡᠵᠦ᠂ ᠠᠵᠤ ᠠᠬᠤᠢ ᠪᠣᠯᠤᠨ ᠮᠥᠩᠭᠦᠨ ᠭᠦᠢᠯᠭᠡᠭᠡ ᠬᠠᠮᠲᠤ ᠪᠠᠷ ᠣᠷᠣᠰᠢᠵᠤ ᠬᠠᠮᠲᠤ ᠪᠠᠷ | ᠴᠡᠴᠡᠭᠯᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠂ ᠠᠰᠢᠭ ᠬᠤᠨᠵᠢᠪᠣᠷᠢ ᠳᠤ ᠰᠢᠨᠤᠬᠠᠶᠢᠷᠠᠵᠤ ᠪᠣᠯᠬᠤ ᠦᠭᠡᠢ᠃ | ᠵᠥᠪ ᠡᠵᠡᠩᠨᠡᠯᠲᠡ ᠶᠢᠨ ᠦᠵᠡᠯᠲᠡ᠂ ᠠᠮᠵᠢᠯᠲᠠ ᠪᠦᠲᠦᠮᠵᠢ ᠶᠢᠨ ᠦᠵᠡᠯᠲᠡ᠂ ᠠᠶᠤᠯ ᠲᠦᠭᠰᠢᠭᠦᠷᠢ ᠶᠢᠨ | ᠦᠵᠡᠯᠲᠡ ᠶᠢ ᠪᠤᠢ ᠪᠣᠯᠭᠠᠵᠤ᠂ ᠯᠠᠪᠳᠠᠭᠤᠨ ᠪᠣᠯᠭᠤᠮᠵᠢᠲᠠᠢ ᠪᠠᠷ ᠡᠵᠡᠩᠨᠡᠵᠦ᠂ ᠣᠳᠣᠬᠢ ᠪᠠᠶᠢᠳᠠᠯ ᠢ ᠦᠵᠡᠬᠦ ᠪᠠᠷ | ᠪᠠᠷᠠᠬᠤ ᠦᠭᠡᠢ᠂ ᠨᠡᠩ ᠴᠤ ᠠᠯᠤᠰ ᠬᠤᠯᠠ ᠶᠢ ᠬᠠᠷᠠᠵᠤ᠂ ᠣᠬᠤᠷ ᠬᠤᠭᠤᠴᠠᠭᠠᠨ ᠤ ᠬᠡᠳᠦ ᠠᠰᠢᠭ ᠢ | ᠬᠥᠭᠡᠭᠡᠴᠡᠯᠳᠦᠬᠦ ᠦᠭᠡᠢ᠂ ᠶᠠᠭᠠᠷᠠᠤ ᠭᠡᠨᠡᠨ ᠢᠶᠠᠷ ᠤᠷᠤᠭᠰᠢᠯᠠᠬᠤ ᠦᠭᠡᠢ᠂ ᠳᠠᠭᠠᠭᠠᠬᠤ ᠴᠢᠳᠠᠪᠤᠷᠢ ᠠᠴᠠ ᠪᠠᠨ | ᠬᠡᠳᠦᠷᠡᠬᠦᠯᠦᠨ ᠬᠡᠳᠦ ᠭᠡᠨᠡᠨ ᠢᠶᠠᠷ ᠬᠢᠬᠦ ᠦᠭᠡᠢ ᠪᠠᠶᠢᠬᠤ ᠬᠡᠷᠡᠭᠲᠡᠢ᠃ ᠮᠥᠩᠭᠦᠨ ᠭᠦᠢᠯᠭᠡᠭᠡ ᠨᠢ ᠬᠡᠨ ᠳᠤ | ᠦᠢᠯᠡᠴᠢᠯᠡᠬᠦ᠂ ᠬᠡᠨ ᠤ ᠲᠥᠯᠥᠭᠡ ᠰᠢᠨ᠎ᠡ ᠶᠢ ᠡᠭᠦᠳᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠣᠳᠠᠲᠤ | ᠴᠣᠭᠴᠠ ᠶᠢᠨ ᠠᠵᠤ ᠠᠬᠤᠢ ᠳᠤ ᠨᠡᠩ ᠰᠠᠶᠢᠨ ᠦᠢᠯᠡᠴᠢᠯᠡᠬᠦ᠂ ᠠᠷᠠᠳ ᠤᠯᠠᠨ ᠳᠤ ᠲᠦᠬᠦᠮ ᠦᠵᠡᠭᠦᠯᠬᠦ ᠶᠢᠨ | ᠲᠤᠭᠤᠷᠢᠨ ᠳᠤ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠂ ᠬᠤᠳᠠᠯ ᠬᠠᠭᠤᠷᠮᠠᠭ ᠢᠶᠠᠷ ᠰᠢᠨ᠎ᠡ ᠶᠢ ᠡᠭᠦᠳᠴᠦ᠂ | ᠳᠤᠷ᠎ᠠ ᠪᠠᠷ ᠢᠶᠠᠨ ᠰᠢᠨ᠎ᠡ ᠶᠢ ᠡᠭᠦᠳᠴᠦ ᠪᠣᠯᠬᠤ ᠦᠭᠡᠢ᠃ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠨ | ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠵᠢᠷᠤᠮᠯᠠᠵᠤ᠂ ᠬᠢᠨᠠᠯᠲᠠ | ᠬᠠᠮᠢᠶᠠᠷᠤᠯᠲᠠ ᠶᠢᠨ ᠵᠥᠪᠰᠢᠶᠡᠷᠡᠯ ᠤᠨ ᠬᠡᠪᠴᠢᠶᠡᠨ ᠳᠣᠲᠣᠷ᠎ᠠ ᠤᠬᠠᠮᠰᠠᠷ ᠠᠴᠠ ᠪᠠᠨ ᠬᠠᠤᠯᠢ ᠶᠣᠰᠣᠭᠠᠷ ᠡᠵᠡᠩᠨᠡᠬᠦ | ᠬᠡᠷᠡᠭᠲᠡᠢ᠂ ᠬᠠᠤᠯᠢ ᠲᠣᠭᠲᠠᠭᠠᠯ ᠪᠠ ᠲᠦᠷᠢᠮ ᠤᠨ ᠵᠠᠢ ᠵᠠᠪᠰᠠᠷ ᠢ ᠳᠠᠯᠢᠮᠳᠠᠭᠤᠯᠵᠤ᠂ ᠬᠢᠨᠠᠯᠲᠠ ᠬᠠᠮᠢᠶᠠᠷᠤᠯᠲᠠ ᠠᠴᠠ | ᠵᠠᠶᠢᠯᠠᠵᠤ ᠠᠰᠢᠭ ᠬᠥᠭᠡᠭᠡᠴᠡᠯᠳᠦᠵᠦ ᠪᠣᠯᠬᠤ ᠦᠭᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠢᠯ | ᠡᠷᠬᠢᠯᠡᠵᠦ ᠪᠠᠶᠢᠭ᠎ᠠ ᠬᠥᠮᠦᠰ ᠰᠡᠳᠬᠢᠯ ᠵᠢᠷᠦᠬᠡᠨ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠡᠭᠡᠷ᠎ᠡ ᠪᠠᠨ | ᠪᠡᠶᠡᠯᠡᠬᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠤᠨ ᠢᠳᠡᠪᠬᠢᠲᠡᠢ | ᠤᠯᠠᠮᠵᠢᠯᠠᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠳᠤᠷᠠᠳᠤᠭᠰᠠᠨ ᠲᠠᠪᠤᠨ ᠲᠠᠯ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠶᠢ ᠲᠤᠬᠠᠶᠢᠯᠠᠭᠰᠠᠨ ᠠᠵᠢᠯ ᠤᠨ ᠪᠠᠶᠢᠷᠢ᠂ | ᠪᠣᠳᠠᠲᠠᠢ ᠠᠵᠢᠯᠯᠠᠭ᠎ᠠ ᠳᠤᠮᠳᠠ ᠪᠠᠨ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠴᠢᠨᠠᠷ | ᠰᠠᠶᠢᠲᠠᠢ ᠬᠥᠭᠵᠢᠯᠲᠡ ᠶᠢᠨ ᠰᠣᠶᠣᠯ ᠤᠨ ᠰᠠᠭᠤᠷᠢ ᠶᠢ ᠪᠠᠬᠢᠵᠢᠬᠦᠯᠵᠦ᠂ ᠰᠣᠶᠣᠯ ᠤᠨ ᠰᠦᠭ ᠰᠦᠨᠡᠰᠦ ᠶᠢ ᠪᠠᠲᠤ | ᠴᠣᠭᠴᠠᠯᠠᠬᠤ ᠬᠡᠷᠡᠭᠲᠡᠢ᠃ ᠨᠡᠶᠢᠭᠡᠮ ᠳᠠᠶᠠᠭᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ | ᠰᠣᠶᠣᠯ ᠢ ᠪᠠᠳᠠᠷᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠦᠳᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠪᠣᠯ | ᠰᠢᠨ᠎ᠡ ᠴᠠᠭ ᠦᠶ᠎ᠡ ᠶᠢᠨ ᠬᠠᠮᠤᠭ ᠤᠨ ᠶᠡᠭᠡ ᠤᠯᠤᠰ ᠲᠦᠷᠦ ᠮᠥᠨ᠂ ᠮᠥᠩᠭᠦᠨ ᠭᠦᠢᠯᠭᠡᠭᠡᠨ ᠤ ᠬᠦᠴᠦᠷᠬᠡᠭ | ᠤᠯᠤᠰ ᠢ ᠲᠦᠷᠭᠡᠨ ᠪᠦᠳᠦᠭᠡᠨ ᠪᠠᠶᠢᠭᠤᠯᠬᠤ ᠡᠭᠦᠷᠭᠡ ᠬᠦᠨᠳᠦ ᠴᠢᠬᠤᠯᠠ ᠶᠤᠮ᠃ ᠤᠷᠤᠭᠰᠢᠯᠠᠯᠲᠠ ᠶᠢᠨ ᠵᠠᠮ | ᠳᠡᠭᠡᠷ᠎ᠡ᠂ ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠡᠬᠦᠳᠡᠭ | ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ | ᠪᠤᠶᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ | ᠡᠷᠡᠰ ᠭᠤᠶᠢᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠤᠨ ᠰᠢᠨ᠎ᠡ | ᠪᠠᠶᠢᠳᠠᠯ ᠢ ᠲᠠᠰᠤᠷᠠᠯᠳᠠ ᠦᠭᠡᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠰᠦᠭᠡᠢ᠃ | |