ᠦᠰᠦᠭ ᠪᠢᠴᠢᠭ ᠤᠨ ᠲᠠᠶᠢᠯᠤᠮᠵᠢ᠄ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠬᠠᠮᠠᠭᠠᠯᠠᠯ ᠤᠨ ᠵᠠᠷᠤᠳᠠᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ
ᠨᠡᠶᠢᠲᠡᠯᠡᠭᠰᠡᠨ ᠴᠠᠭ᠄
2024/2/20
        ᠦᠪᠦᠷ ᠮᠤᠩᠭᠤᠯ  ᠡᠳ᠋ ᠤᠨ ᠵᠠᠰᠠᠭ               ᠶᠡᠷᠦᠩᠬᠡᠢ 〔2024〕51 ᠳ᠋ᠤᠭᠡᠷ ᠲᠣᠭᠠᠲᠤᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠲᠥᠰᠥᠪ ᠤᠨ ᠰᠠᠯᠠᠭ᠎ᠠ ᠮᠥᠴᠢᠷ᠂ ᠨᠢᠭᠡᠴᠡ᠂ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ ᠬᠤᠯᠪᠣᠭᠳᠠᠯ ᠪᠦᠬᠦᠢ ᠬᠥᠮᠥᠨ ᠬᠡᠷᠡᠭᠯᠡᠬᠦ ᠨᠢᠭᠡᠴᠡ ᠳᠤ᠄    ᠨᠠᠮ ᠪᠣᠯᠣᠨ ᠵᠠᠰᠠᠭ ᠤᠨ ᠣᠷᠳᠣᠨ ᠠᠴᠠ ᠡᠮᠡᠭᠲᠡᠢ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠢᠴᠡᠳ ᠬᠠᠷᠠᠭᠤᠯᠬᠤ ᠶᠢᠨ ᠲᠥᠯᠥᠭᠡ᠂ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠨ᠂ ᠡᠮᠡᠭᠲᠡᠢ ᠠᠵᠢᠯᠲᠠᠨ ᠠᠵᠢᠯᠴᠢᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠦᠭᠵᠢᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠣᠷᠣᠨ ᠤ ᠠᠵᠢᠯ ᠳᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠬᠠᠮᠠᠭᠠᠯᠠᠯ ᠤᠨ ᠵᠠᠷᠤᠳᠠᠯ ᠣᠯᠭᠤᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠳᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠬᠠᠮᠠᠭᠠᠯᠠᠯ ᠤᠨ ᠵᠠᠷᠤᠳᠠᠯ ᠣᠯᠭᠤᠬᠤ ᠪᠠᠷᠢᠮᠵᠢᠶ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠬᠥᠮᠥᠨ ᠪᠦᠷᠢ ᠰᠠᠷ᠎ᠠ ᠳᠤ 5 ᠲᠥᠭᠦᠷᠢᠭ ᠪᠠᠶᠢᠭᠰᠠᠨ ᠠᠴᠠ ᠬᠥᠮᠥᠨ ᠪᠦᠷᠢ ᠰᠠᠷ᠎ᠠ ᠳᠤ 50 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠡᠷᠡᠭᠰᠡᠬᠦ ᠵᠠᠷᠤᠳᠠᠯ ᠢ ᠠᠰ ᠲᠤᠨᠢ ᠬᠢᠨᠠᠨ ᠲᠣᠭᠲᠠᠭᠠᠭᠰᠠᠨ ᠤ ᠳᠠᠷᠠᠭ᠎ᠠ ︽ᠠᠰᠠᠷᠠᠮᠵᠢ ᠶᠢᠨ ᠵᠠᠷᠤᠳᠠᠯ︾ ᠤᠨ ᠲᠥᠷᠥᠯ ᠵᠦᠢᠯ ᠳᠤ ᠨᠡᠶᠢᠯᠡᠭᠦᠯᠦᠨ ᠣᠷᠣᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠠᠷᠭ᠎ᠠ ᠵᠠᠮ ᠢᠶᠠᠷ ᠰᠠᠯᠠᠭ᠎ᠠ ᠮᠥᠴᠢᠷ ︵ᠨᠢᠭᠡᠴᠡ︶ ᠤᠨ ᠣᠨ ᠤ ᠲᠥᠰᠥᠪ ᠲᠤ ᠣᠷᠣᠭᠤᠯᠬᠤ ᠶᠢᠨ ᠬᠠᠮᠲᠤ ᠵᠢᠯ ᠪᠦᠷᠢ ᠶᠢᠨ 3 ᠰᠠᠷ᠎ᠠ ᠳᠤ ᠨᠢᠭᠡ ᠤᠳᠠᠭ᠎ᠠ ᠶᠢᠨ ᠴᠢᠨᠠᠷᠲᠠᠢ ᠪᠠᠷ ᠪᠦᠬᠦᠨ ᠢ ᠣᠯᠭᠤᠨ᠎ᠠ ᠃ ᠡᠯ᠎ᠡ ᠠᠶᠢᠮᠠᠭ ᠬᠤᠲᠠ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃   ᠬᠤᠶᠠᠷ᠂ ᠪᠤᠰᠤᠳ ᠨᠥᠬᠦᠴᠡᠯ ᠲᠠᠢ ᠬᠥᠮᠥᠨ ᠬᠡᠷᠡᠭᠯᠡᠬᠦ ᠨᠢᠭᠡᠴᠢ ᠠᠵᠢᠯ ᠳᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠳᠤ ᠬᠥᠮᠥᠨ ᠪᠦᠷᠢ ᠳᠤ ᠰᠠᠷ᠎ᠠ ᠳᠤ 50 ᠲᠥᠭᠦᠷᠢᠭ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠡᠷᠡᠭᠦᠯ ᠬᠠᠮᠠᠭᠠᠯᠠᠯ ᠤᠨ ᠬᠡᠷᠡᠭᠰᠡᠯ ᠪᠤᠶᠤ ᠡᠷᠡᠭᠦᠯ ᠬᠠᠮᠠᠭᠠᠯᠠᠯ ᠤᠨ ᠵᠠᠷᠤᠳᠠᠯ ᠥᠭᠴᠦ ᠪᠣᠯᠣᠨ᠎ᠠ᠂ ᠬᠡᠷᠡᠭᠰᠡᠬᠦ ᠵᠠᠷᠤᠳᠠᠯ ᠢ ᠠᠵᠢᠯᠲᠠᠨ ᠠᠵᠢᠯᠴᠢᠨ ᠤ ᠠᠰᠠᠷᠠᠮᠵᠢ ᠶᠢᠨ ᠵᠠᠷᠤᠳᠠᠯ ᠠᠴᠠ ᠭᠠᠷᠭᠠᠵᠤ ᠪᠣᠯᠣᠨ᠎ᠠ᠃    ᠭᠤᠷᠪᠠ᠂ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠬᠠᠮᠠᠭᠠᠯᠠᠯ ᠤᠨ ᠵᠠᠷᠤᠳᠠᠯ ᠣᠯᠭᠤᠬᠤ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠣᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠯᠲᠠ ᠬᠢᠨ᠎ᠡ᠃    ᠳᠥᠷᠪᠡ᠂ ᠲᠤᠰ ᠪᠢᠴᠢᠭ ᠮᠠᠲ᠋ᠧᠷᠢᠶᠠᠯ ᠢ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ  ᠤᠨ ᠪᠠᠳᠤᠯᠠᠭ᠎ᠠ ᠶᠢᠨ ᠲᠢᠩᠬᠢᠮ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ    ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ    ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ    ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ                                               2024 ᠣᠨ ᠤ 1 ᠰᠠᠷ᠎ᠠ ᠶᠢᠨ 22 ᠤ ᠡᠳᠦᠷ
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ  ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号