ᠦᠰᠦᠭ ᠪᠢᠴᠢᠭ ᠤᠨ ᠲᠠᠶᠢᠯᠤᠮᠵᠢ᠄ 2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠵᠠᠮ ᠱᠤᠭᠤᠮ ᠤᠨ ᠵᠢᠷᠤᠭ︾ ᠢ ᠳᠤᠷᠠᠳᠤᠨ ᠭᠠᠷᠭᠠᠪᠠ
ᠨᠡᠶᠢᠲᠡᠯᠡᠭᠰᠡᠨ ᠴᠠᠭ᠄
2024/2/20
   ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠠᠷᠪᠠᠨ ᠬᠤᠶᠠᠳᠤᠭᠠᠷ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠵᠢᠯᠤᠭᠤᠳᠬᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ 2 ᠰᠠᠷ᠎ᠠ ᠶᠢᠨ 3  ᠤ ᠡᠳᠦᠷ ᠰᠢᠨᠬᠤᠸᠠ ᠬᠤᠷᠢᠶ᠎ᠠ ᠡᠷᠬᠡ ᠣᠯᠭᠤᠯᠲᠠ ᠪᠠᠷ ᠨᠡᠶᠢᠲᠡᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ︽ᠵᠠᠮ ᠱᠤᠭᠤᠮ ᠤᠨ ᠵᠢᠷᠤᠭ︾ ᠢ ᠳᠤᠷᠠᠳᠴᠠᠢ᠃    ᠡᠨᠡᠬᠦ ᠪᠢᠴᠢᠭ ᠮᠠᠲ᠋ᠧᠷᠢᠶᠠᠯ ᠨᠢ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠭᠡᠬᠦ ᠭᠠᠷᠴᠠᠭ ᠲᠠᠢ᠃ ᠪᠥᠬᠦ ᠠᠭᠤᠯᠭ᠎ᠠ ᠨᠢ ᠨᠡᠶᠢᠲᠡ ᠵᠢᠷᠭᠤᠭᠠᠨ ᠬᠡᠰᠡᠭ ᠢᠶᠠᠷ ᠪᠦᠷᠢᠯᠳᠦᠵᠡᠢ᠂ ᠡᠭᠦᠨ ᠳᠤ᠄ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠮ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃    ᠪᠢᠴᠢᠭ ᠮᠠᠲ᠋ᠧᠷᠢᠶᠠᠯ ᠳᠤ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠠᠵᠤ ᠠᠬᠤᠢ ᠶᠢᠨ ᠰᠠᠭᠤᠷᠢ ᠶᠢ ᠴᠥᠬᠦᠷᠡᠰᠢ ᠦᠭᠡᠢ ᠪᠠᠲᠤᠳᠬᠠᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯ ᠤᠨ ᠠᠷᠭ᠎ᠠ ᠪᠣᠯᠣᠨ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠷ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠤᠷᠤᠭᠰᠢᠯᠠᠵᠤ᠂ ᠤᠷᠳᠤ ᠬᠤᠭᠤᠴᠠᠭ᠎ᠠ ᠴᠢᠷᠮᠠᠶᠢᠨ ᠠᠵᠢᠯᠯᠠᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠤᠯᠠᠨ ᠲᠦᠮᠡᠨ ᠳᠤ ᠮᠡᠳᠡᠷᠡᠭᠳᠡᠵᠦ ᠪᠣᠯᠬᠤ ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠵᠤ᠂ ᠳᠠᠰᠤᠷᠠᠯᠳᠠ ᠦᠭᠡᠢ ᠮᠥᠨ ᠴᠢᠨᠠᠷ ᠤᠨ ᠠᠬᠢᠯᠲᠠ ᠲᠠᠢ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠬᠡᠷᠡᠭᠲᠡᠢ ᠭᠡᠵᠡᠢ᠃    ᠪᠢᠴᠢᠭ ᠮᠠᠲ᠋ᠧᠷᠢᠶᠠᠯ ᠳᠤ ᠳᠤᠷᠠᠳᠤᠭᠰᠠᠨ ᠨᠢ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠲᠤᠯᠠᠬᠤ ᠪᠠᠷ ᠰᠠᠭᠤᠷᠢ ᠱᠤᠭᠤᠮ ᠪᠣᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠥᠭᠡᠷᠡᠴᠢᠯᠡᠯᠲᠡ ᠶᠢᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ  ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠦᠵᠡᠰᠬᠦᠯᠡᠩᠲᠦ ᠰᠠᠶᠢᠬᠠᠨ ᠳᠠᠶᠢᠯᠠᠯᠳᠤᠭᠠᠨ ᠢ ᠰᠠᠶᠢᠲᠤᠷ ᠬᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠡᠢ᠃     ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ   ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ 2024 ᠣᠨ ᠤ ᠭᠤᠣᠯᠳᠠᠯᠭ᠎ᠠ ᠲᠠᠢ ᠠᠵᠢᠯ ᠢ ᠦᠨᠡᠨᠬᠦ ᠠᠳᠬᠤᠨ ᠪᠣᠳᠠᠲᠠᠢ ᠬᠢᠵᠦ ᠰᠠᠶᠢᠲᠤᠷ ᠬᠢᠵᠦ ᠂ ᠲᠣᠭᠲᠠᠭᠰᠠᠨ ᠬᠠᠷᠠᠯᠲᠠ ᠡᠭᠦᠷᠭᠡ ᠪᠠᠨ ᠲᠡᠷᠡ ᠶᠣᠰᠣᠭᠠᠷ ᠨᠢ ᠰᠠᠶᠢᠲᠤᠷ ᠪᠡᠶᠡᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠲᠠᠰᠤᠷᠠᠯᠳᠡ ᠦᠭᠡᠢ ᠰᠢᠨ᠎ᠡ ᠠᠬᠢᠴᠠ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号