ᠵᠢᠷᠤᠭᠳᠤ ᠲᠠᠶᠢᠯᠤᠮᠵᠢ᠄ ᠡᠳᠡᠭᠡᠷ ᠲᠦᠷᠦ ᠢ ᠪᠤᠳᠤᠯᠭ᠎ᠠ ᠶᠢ ᠡᠨᠡ ᠵᠢᠯ ᠤᠨ 1 ᠰᠠᠷ᠎ᠠ ᠶᠢᠨ 1 ᠤ ᠡᠳᠦᠷ  ᠠᠴᠠ ᠡᠬᠢᠯᠡᠨ ᠬᠡᠷᠡᠭᠵᠢᠬᠦᠯᠪᠡ
ᠨᠡᠶᠢᠲᠡᠯᠡᠭᠰᠡᠨ ᠴᠠᠭ᠄
2024/2/20
   ᠡᠬᠡ ᠣᠷᠣᠨᠴᠢ ᠦᠵᠡᠯ ᠤᠨ ᠬᠥᠮᠦᠵᠢᠯ ᠢ ᠥᠷᠭᠡᠨ ᠳᠡᠯᠭᠡᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠪᠦᠲᠦᠮᠵᠢᠲᠡᠶ ᠥᠷᠨᠢᠭᠦᠯᠬᠦ ᠶᠢ ᠪᠠᠲᠤᠯᠠᠨ ᠠᠬᠢᠭᠤᠯᠤᠨ᠎ᠠ    ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠦᠨᠳᠦᠰᠦᠯᠡᠪᠡᠯ᠂ ᠡᠬᠡ ᠣᠷᠣᠨᠴᠢ ᠦᠵᠡᠯ ᠤᠨ ᠬᠥᠮᠦᠵᠢᠯ ᠤᠨ ᠭᠤᠣᠯ ᠠᠭᠤᠯᠭ᠎ᠠ ᠨᠢ ᠦᠵᠡᠯ ᠰᠠᠨᠠᠭ᠎ᠠ ᠤᠯᠤᠰ ᠲᠦᠷᠤ᠂ ᠲᠡᠦᠬᠡ ᠰᠣᠶᠣᠯ᠂ ᠤᠯᠤᠰ ᠤᠨ ᠪᠡᠯᠭᠡ ᠲᠡᠮᠳᠡᠭ᠂ ᠡᠬᠡ ᠣᠷᠣᠨ ᠤ ᠰᠦᠷᠯᠢᠭ ᠰᠠᠶᠢᠬᠠᠨ ᠠᠭᠤᠯᠠ ᠤᠰᠤ ᠪᠠ ᠲᠡᠦᠬᠡ ᠰᠣᠶᠣᠯ ᠤᠨ ᠥᠪ᠂ ᠦᠨᠳᠦᠰᠦᠨ ᠬᠠᠤᠯᠢ ᠪᠠ ᠬᠠᠤᠯᠢ ᠴᠠᠭᠠᠵᠠ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ᠂ ᠤᠯᠤᠰ ᠤᠨ ᠠᠮᠤᠷ ᠲᠦᠪᠰᠢᠨ ᠪᠠ ᠤᠯᠤᠰ ᠤᠨ ᠪᠠᠲᠤᠯᠠᠨ ᠬᠠᠮᠠᠭᠠᠯᠠᠯᠲᠠ᠂ ᠦᠷᠡᠭᠳᠡᠭᠰᠡᠨ ᠪᠠᠭᠠᠲᠤᠷ ᠪᠠ ᠵᠢᠱᠢᠶᠡᠴᠢ ᠬᠥᠮᠥᠰ ᠤᠨ ᠦᠢᠯᠡ ᠠᠵᠢᠯᠯᠠᠭ᠎ᠠ ᠵᠡᠷᠭᠡ ᠲᠠᠯ᠎ᠠ ᠶᠢ ᠬᠠᠮᠤᠷᠴᠤ ᠪᠠᠶᠢᠳᠠᠭ᠃ ᠪᠦᠬᠦ ᠠᠷᠠᠳ ᠢᠷᠭᠡᠳ ᠲᠤ ᠡᠬᠡ ᠣᠷᠣᠨᠴᠢ ᠦᠵᠡᠯ ᠤᠨ ᠬᠥᠮᠦᠵᠢᠯ ᠬᠢᠬᠦ ᠪᠠᠷ ᠲᠣᠭᠲᠠᠭᠠᠭᠰᠠᠨ ᠤ ᠬᠠᠮᠲᠤ᠂ ᠰᠤᠷᠭᠠᠭᠤᠯᠢ ᠪᠠ ᠭᠡᠷ ᠪᠦᠯᠢ ᠶᠢᠨ ᠵᠠᠯᠠᠭᠤᠴᠤᠳ ᠪᠠᠭᠠᠴᠤᠳ ᠪᠠ ᠬᠡᠦᠬᠡᠳ ᠲᠤ ᠬᠢᠬᠦ ᠬᠥᠮᠦᠵᠢᠯ ᠢ ᠲᠤᠪᠤᠶᠢᠯᠭᠠᠪᠠ᠃     ᠨᠠᠰᠤᠨ ᠳᠤ ᠥᠯᠥ ᠬᠦᠷᠦᠭᠰᠡᠳ ᠲᠤ ᠰᠦᠯᠵᠢᠶᠡᠨ ᠤ ᠴᠡᠪᠡᠷ ᠣᠷᠣᠨ ᠵᠠᠢ ᠣᠯᠭᠤᠵᠤ ᠥᠭᠭᠦᠨ᠎ᠡ    ︽ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ︾ ᠨᠢ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠪᠠ ᠰᠦᠯᠵᠢᠶᠡᠨ ᠤ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠦᠯᠵᠢᠶᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠭᠴᠢ ᠶᠢᠨ ᠰᠢᠨᠤᠯ ᠢ ᠰᠡᠷᠭᠡᠶᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠡᠷᠡᠭᠯᠡᠭᠡᠨ ᠤ ᠠᠵᠢᠯᠯᠠᠭ᠎ᠠ ᠶᠢ ᠵᠦᠢ ᠵᠣᠬᠢᠰᠲᠠᠢ ᠬᠢᠵᠠᠭᠠᠷᠯᠠᠵᠤ᠂ ᠤᠷᠤᠰᠴᠠ ᠶᠢ ᠬᠠᠮᠤᠭ ᠳᠡᠭᠡᠳᠦ ᠪᠠᠷ ᠦᠵᠡᠬᠦ ᠵᠡᠷᠭᠡ ᠡᠷᠡᠭᠦᠯ ᠪᠤᠰᠤ ᠥᠷᠲᠡᠭ ᠤᠨ ᠬᠠᠨᠳᠤᠰᠢ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃     ᠡᠮ ᠤᠨ ᠵᠦᠢᠯ ᠤᠨ ᠡᠵᠡᠩᠨᠡᠯᠲᠡ ᠶᠢᠨ ᠤᠷᠴᠢᠨ ᠤ ᠶᠠᠰᠤ ᠴᠢᠨᠡᠷ ᠤᠨ ᠬᠠᠮᠢᠶᠠᠷᠤᠯᠳᠠ ᠶᠢ ᠴᠢᠩᠭᠠᠳᠬᠠᠨ᠎ᠠ    ︽ᠡᠮ ᠤᠨ ᠵᠦᠢᠯ ᠢ ᠡᠵᠡᠩᠨᠡᠬᠦ ᠪᠠ ᠬᠡᠷᠡᠭᠯᠡᠬᠦ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ᠂ ᠡᠮ ᠤᠨ ᠵᠦᠢᠯ ᠢ ᠡᠵᠡᠩᠨᠡᠬᠦ ᠠᠵᠤ ᠠᠬᠤᠶᠢᠯᠠᠯ ᠡᠮ ᠤᠨ ᠵᠦᠢᠯ ᠢ ᠡᠵᠡᠩᠨᠡᠬᠦ ᠪᠦᠬᠦ ᠶᠠᠪᠤᠴᠠ ᠶᠢ ᠬᠠᠮᠤᠷᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠬᠤ ᠬᠡᠷᠡᠭᠲᠡᠢ᠃ ᠬᠤᠳᠠᠯᠳᠤᠨ ᠠᠪᠬᠤ ᠪᠠ ᠪᠣᠷᠣᠯᠠᠭᠤᠯᠤᠭᠰᠠᠨ ᠲᠡᠮᠳᠡᠭᠯᠡᠯ ᠵᠢᠴᠢ ᠬᠠᠳᠠᠭᠠᠯᠠᠬᠤ ᠨᠥᠬᠦᠴᠡᠯ᠂ ᠲᠡᠭᠡᠭᠡᠪᠦᠷᠢᠯᠡᠬᠦ ᠶᠠᠪᠤᠴᠠ᠂ ᠶᠠᠰᠤ ᠴᠢᠨᠠᠷ ᠤᠨ ᠡᠵᠡᠮᠳᠡᠯ ᠵᠡᠷᠭᠡ ᠲᠡᠮᠳᠡᠭᠯᠡᠯ ᠨᠢ ᠪᠦᠷᠢᠨ ᠪᠦᠲᠦᠨ ᠵᠥᠪ ᠣᠨᠣᠪᠴᠢᠲᠠᠢ ᠪᠠᠶᠢᠬᠤ ᠬᠡᠷᠡᠭᠲᠡᠢ᠂ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠢ᠃    ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠠᠷᠠᠳ ᠲᠤ ᠲᠥᠬᠦᠮ ᠦᠵᠡᠭᠦᠯᠬᠦ ᠠᠷᠭ᠎ᠠ ᠶᠢ ᠨᠡᠮᠡᠭᠳᠡᠬᠦᠯᠦᠨ᠎ᠡ    ᠵᠠᠰᠠᠪᠤᠷᠢ ᠣᠷᠣᠭᠤᠯᠤᠭᠰᠠᠨ ᠤ ᠳᠠᠷᠠᠭᠠᠬᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠳᠤ ᠠᠷᠠᠳ ᠲᠤ ᠲᠥᠬᠦᠮ ᠦᠵᠡᠭᠦᠯᠬᠦ ᠪᠠᠷ ᠭᠤᠶᠤᠴᠢᠯᠠᠬᠤ ᠠᠷᠭ᠎ᠠ ᠵᠠᠮ ᠢ ᠨᠡᠮᠡᠨ ᠪᠠᠶᠢᠭᠤᠯᠵᠤ᠂ ᠭᠤᠶᠤᠴᠢᠯᠠᠭᠴᠢ ᠶᠢᠨ ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠳᠠᠮᠵᠢᠭᠤᠯᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠬᠤ ᠳᠤ ᠲᠥᠬᠦᠮ ᠦᠵᠡᠬᠦᠯᠦᠨ᠎ᠡ᠃ ᠲᠤᠬᠠᠢ ᠶᠢᠨ ᠲᠠᠯᠠᠪᠤᠷ ᠲᠤ ᠭᠠᠷᠭᠠᠭᠰᠠᠨ ᠪᠤᠶᠤ ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠲᠡᠮᠳᠡᠭᠯᠡᠯ ᠤᠨ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠦᠨᠳᠦᠰᠦᠯᠡᠨ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠢ ᠵᠥᠪᠰᠢᠶᠡᠷᠡᠬᠦ ᠦᠭᠡᠢ ᠪᠠᠶᠢᠵᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠳᠠᠮᠵᠢᠭᠤᠯᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠳᠡᠪᠰᠢᠭᠦᠯᠵᠦ ᠪᠣᠯᠣᠨ᠎ᠠ᠃    ᠭᠠᠳᠠᠭᠠᠳᠤ ᠳᠤ ᠬᠤᠯᠪᠣᠭᠳᠠᠬᠤ ᠢᠷᠭᠡᠨ ᠤ ᠵᠠᠷᠭᠤ ᠶᠢᠨ ᠬᠡᠷᠡᠭ ᠢ ᠬᠦᠴᠦᠯᠡᠨ ᠰᠢᠢᠳᠪᠦᠷᠢᠯᠡᠨ᠎ᠡ   ᠵᠠᠰᠠᠪᠤᠷᠢ ᠣᠷᠣᠭᠤᠯᠤᠭᠰᠠᠨ ᠤ ᠳᠠᠷᠠᠭᠠᠬᠢ ᠢᠷᠭᠡᠨ ᠤ ᠵᠠᠷᠭᠤ ᠶᠢᠨ ᠬᠠᠤᠯᠢ ᠳᠤ ᠭᠠᠳᠠᠭᠠᠳᠤ ᠲᠠᠢ ᠬᠤᠯᠪᠣᠭᠳᠠᠭᠰᠠᠨ ᠬᠦᠷᠭᠡᠯᠲᠡ ᠶᠢᠨ ᠬᠤᠯᠪᠣᠭᠳᠠᠯ ᠪᠦᠬᠦᠢ ᠲᠣᠭᠲᠠᠭᠠᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠵᠤ᠂ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠠᠳᠠᠭᠠᠳᠤ ᠲᠠᠢ ᠬᠤᠯᠪᠣᠭᠳᠠᠭᠰᠠᠨ ᠬᠡᠷᠡᠭ ᠤᠨ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ  ᠬᠠᠮᠠᠭᠠᠯᠠᠨ᠎ᠠ︔ ᠭᠠᠳᠠᠭᠠᠳᠤ ᠲᠠᠢ ᠬᠤᠯᠪᠣᠭᠳᠠᠭᠰᠠᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠬᠠᠮᠵᠢᠯᠴᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠢᠯᠢ ᠶᠢᠨ ᠭᠠᠳᠠᠨᠠᠬᠢ ᠪᠠᠶᠢᠴᠠᠭᠠᠯᠲᠠ ᠬᠢᠵᠦ ᠭᠡᠷᠡᠴᠢ ᠠᠪᠬᠤ ᠬᠤᠯᠪᠣᠭᠳᠠᠯ ᠪᠦᠬᠦᠢ ᠲᠣᠭᠲᠠᠭᠠᠯ ᠢ ᠨᠡᠮᠡᠵᠦ ᠲᠣᠭᠲᠠᠭᠠᠨ᠎ᠠ᠃     ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠴᠣᠯᠠ ᠶᠢᠨ ᠦᠨᠡᠯᠡᠯᠲᠡ ᠶᠢᠨ ᠦᠨᠳᠦᠰᠦᠨ ᠲᠦᠷᠢᠮ ᠢ ᠲᠤᠭᠳᠠᠭᠠᠨ᠎ᠠ   ︽ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠨᠢ ᠠᠵᠤ ᠠᠬᠤᠢ ᠶᠢᠨ ᠮᠡᠷᠭᠡᠵᠢᠯ ᠤᠨ ᠴᠣᠯᠠ ᠶᠢᠨ ᠰᠢᠰᠲ᠋ᠧᠮ ᠳᠤ ᠬᠠᠷᠢᠶᠠᠯᠠᠭᠳᠠᠵᠤ᠂ ᠠᠩᠬ᠎ᠠ ᠵᠡᠷᠭᠡ ᠶᠢᠨ᠂ ᠳᠤᠮᠳᠠ ᠵᠡᠷᠭᠡ ᠶᠢᠨ᠂ ᠳᠡᠭᠡᠳᠦ ᠵᠡᠷᠭᠡ ᠶᠢᠨ ᠭᠤᠷᠪᠠᠨ ᠲᠡᠰ ᠲᠤᠬᠢᠷᠠᠭᠤᠯᠵᠤ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠳᠤ ᠲᠤᠰᠠᠯᠠᠭᠴᠢ ᠶᠢᠨ ᠲᠠᠰ ᠲᠣᠬᠢᠷᠠᠭᠤᠯᠵᠤ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠳᠤ ᠳᠡᠳ᠋ ᠳᠡᠭᠡᠳᠦ ᠵᠡᠷᠭᠡ ᠶᠢᠨ ᠪᠠ ᠵᠢᠩᠬᠢᠨᠢ ᠳᠡᠭᠡᠳᠦ ᠵᠡᠷᠭᠡ ᠶᠢᠨ ᠲᠡᠰ ᠲᠤᠬᠢᠷᠠᠭᠤᠯᠤᠨ᠎ᠠ᠃ ᠡᠯ᠎ᠡ ᠱᠠᠲᠤᠨ ᠤ ᠮᠡᠷᠭᠡᠵᠢᠯ ᠤᠨ ᠴᠣᠯᠠ ᠨᠢ ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠵᠡᠷᠭᠡ ᠳᠡᠰ ᠲᠠᠢ ᠬᠠᠷᠢᠯᠴᠠᠨ ᠵᠣᠬᠢᠴᠠᠯᠳᠤᠨ᠎ᠠ᠃     ᠳᠠᠯᠠᠢ ᠲᠠᠩᠭᠢᠰ ᠤᠨ ᠬᠤᠭ ᠨᠣᠪᠰᠢ ᠶᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ    ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠡᠯᠡᠢ ᠲᠠᠩᠭᠢᠰ ᠤᠨ ᠣᠷᠴᠢᠨ ᠠᠬᠤᠢ ᠶᠢ ᠬᠠᠮᠠᠭᠠᠯᠠᠬᠤ ᠬᠠᠤᠯᠢ ᠳᠤ ᠲᠡᠯᠡᠢ ᠶᠢᠨ ᠡᠷᠭᠢ ᠲᠡᠩ ᠭᠠᠵᠠᠷ ᠲᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠶᠠᠬᠤ᠂ ᠣᠪᠣᠭᠠᠯᠠᠬᠤ ᠪᠠ ᠰᠢᠢᠳᠪᠦᠷᠢᠯᠡᠬᠦ ᠶᠢ ᠴᠠᠭᠠᠵᠠᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠡᠯᠡᠢ ᠳᠤ ᠣᠷᠣᠬᠤ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠤᠯᠡᠠ ᠨᠡᠶᠢᠲᠡ ᠶᠢᠨ ᠲᠡᠯᠡᠢ ᠶᠢᠨ ᠬᠤᠭ ᠨᠣᠪᠰᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号