ᠣᠳᠣᠬᠠᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠯᠪᠤᠭ᠎ᠠ ᠳᠤ ᠥᠪᠡᠷᠲᠡᠭᠡᠨ ᠵᠠᠰᠠᠬᠤ | ᠣᠷᠣᠨ ᠤ ᠲᠥᠯᠥᠭᠡᠯᠡᠬᠦ ᠴᠢᠨᠠᠷᠲᠠᠢ ᠤᠯᠠᠮᠵᠢᠯᠠᠭᠴᠢ 1᠂ ᠬᠤᠲᠠ ᠶᠢᠨ ᠲᠠᠰ ᠤᠨ ᠲᠥᠯᠥᠭᠡᠯᠡᠬᠦ ᠴᠢᠨᠠᠷᠲᠠᠢ | ᠤᠯᠠᠮᠵᠢᠯᠠᠭᠴᠢ 2᠂ ᠬᠤᠰᠢᠭᠤᠨ ᠲᠠᠰ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ 11 ᠪᠠᠶᠢᠵᠤ᠂ 400 ᠭᠠᠷᠤᠢ | ᠪᠦᠲᠦᠭᠡᠯ ᠢ ᠴᠤᠭᠯᠠᠭᠤᠯᠤᠨ ᠡᠮᠬᠢᠳᠬᠡᠵᠦ᠂ 4 ᠢᠵᠢ ᠨᠣᠮ ᠪᠢᠴᠢᠭ ᠢ ᠬᠡᠪᠯᠡᠵᠦ ᠪᠠᠶᠢᠨ᠎ᠠ᠃ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠤᠯᠠᠨ ᠠᠷᠭ᠎ᠠ ᠵᠠᠮ ᠤᠯᠠᠨ ᠵᠠᠭᠤᠴᠢᠯᠠᠭᠤᠷ᠂ | ᠭᠠᠳᠠᠭᠰᠢ ᠤᠬᠠᠭᠤᠯᠬᠤ᠂ ᠤᠷᠢᠵᠤ ᠠᠪᠴᠢᠷᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠯ | ᠪᠦᠷᠢ ︽ᠪᠣᠳᠠᠰ ᠤᠨ ᠪᠤᠰᠤ ᠰᠣᠶᠣᠯ ᠤᠨ ᠥᠪ︾ ᠤᠨ ᠦᠵᠡᠭᠦᠯᠦᠯᠭᠡ ᠶᠢᠨ ᠲᠣᠭᠯᠠᠯᠲᠠ 100 ᠭᠠᠷᠤᠢ ᠲᠠᠯᠠᠪᠤᠷ | ᠤᠳᠠᠭ᠎ᠠ ᠭᠠᠷᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠪᠦᠬᠦ ᠲᠠᠯ᠎ᠠ ᠪᠠᠷ | ᠳᠡᠯᠭᠡᠨ ᠦᠵᠡᠭᠦᠯᠵᠦ᠂ ᠠᠷᠠᠳ ᠤᠯᠠᠨ ᠤ ︽ᠪᠣᠳᠠᠰ ᠤᠨ ᠪᠤᠰᠤ ᠰᠣᠶᠣᠯ ᠤᠨ ᠥᠪ︾ ᠢ ᠤᠯᠠᠮᠵᠢᠯᠠᠨ ᠵᠠᠯᠭᠠᠮᠵᠢᠯᠠᠬᠤ | ᠪᠠ ᠬᠠᠮᠠᠭᠠᠯᠠᠬᠤ ᠳᠤ ᠣᠷᠣᠯᠴᠠᠬᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠮᠡᠳᠡᠷᠡᠬᠦ ᠲᠥᠷᠥᠭᠳᠡᠯ ᠢ | ᠨᠡᠮᠡᠭᠳᠡᠭᠦᠯᠪᠡ᠃ | ᠬᠠᠢ ᠴᠢᠩ ᠰᠢᠪᠠᠭᠤ ᠶᠢᠨ ᠵᠣᠬᠢᠶᠠᠨ ᠪᠦᠲᠦᠭᠡᠭᠰᠡᠨ ᠪᠠ ᠲᠣᠭᠯᠠᠭᠰᠠᠨ ᠬᠤᠯᠪᠤᠭ᠎ᠠ ︽ᠬᠤᠷᠴᠢᠨ ᠵᠢᠷᠤᠭ᠎ᠠ | ᠮᠤᠷᠢᠨ ᠤ ᠮᠠᠭᠳᠠᠭᠠᠯ︾᠂ ︽ᠴᠢᠨᠳᠠᠮᠤᠨᠢ ᠡᠷᠢᠭᠡ︾᠂ ︽ᠰᠠᠨᠰᠠᠷ ᠢᠶᠠᠷ ᠠᠶᠠᠯᠠᠭᠰᠠᠨ ᠨᠢ︾ ᠵᠡᠷᠭᠡ ᠬᠡᠳᠦᠨ ᠠᠷᠪᠠᠨ | ᠪᠦᠲᠦᠭᠡᠯ ᠨᠢ ᠪᠥᠬᠦ ᠤᠯᠤᠰ ᠤᠨ ᠱᠠᠩᠨᠠᠯ ᠢ ᠭᠥᠷᠳᠡᠭᠰᠡᠨ ᠶᠤᠮ᠃ ᠡᠭᠦᠨ ᠤ ᠳᠣᠲᠣᠷ᠎ᠠ᠂ ︽ᠰᠠᠨᠰᠠᠷ ᠢᠶᠠᠷ | ᠠᠶᠠᠯᠠᠭᠰᠠᠨ ᠨᠢ︾ ᠨᠢ ᠤᠯᠠᠨ ᠤᠳᠤᠨ ᠤ ᠱᠠᠩᠨᠠᠯ ᠢ ᠬᠦᠷᠲᠡᠵᠦ᠂ 2022 ᠣᠨ ᠳᠤ ᠳᠤᠮᠳᠠᠳᠤ ᠤᠯᠤᠰ ᠤᠨ | ᠲᠠᠭᠤᠤᠷᠢᠯᠢᠭ ᠤᠨ ᠤᠷᠠᠯᠢᠭ ᠤᠨ ᠬᠢᠨ ᠤ ᠬᠠᠮᠤᠭ ᠤᠨ ᠳᠡᠭᠡᠳᠦ ᠱᠠᠩᠨᠠᠯ ᠪᠤᠯᠬᠤ ︽ᠮᠠᠨᠳᠠᠷᠸ᠎ᠠ ᠱᠠᠩᠨᠠᠯ︾ ᠤᠨ ᠨᠡᠷ᠎ᠡ | ᠳᠤᠷᠠᠳᠤᠭᠳᠠᠭᠰᠠᠨ ᠱᠠᠩᠨᠠᠯ ᠢ ᠬᠦᠷᠲᠡᠵᠦ᠂ 2023 ᠣᠨ ᠳᠤ ᠥᠪᠡᠷᠲᠡᠭᠡᠨ ᠵᠠᠰᠠᠬᠤ ᠣᠷᠣᠨ ᠤ ︽ᠰᠠᠷᠠᠨ᠎ᠠ︾ | ᠱᠠᠩᠨᠠᠯ ᠢ ᠬᠦᠷᠲᠡᠵᠡᠢ᠃ 2023 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢ ᠲᠥᠯᠥᠭᠡᠯᠡᠨ ᠪᠦᠬᠦ | ᠤᠯᠤᠰ ᠤᠨ︽ᠪᠣᠳᠠᠰ ᠤᠨ ᠪᠤᠰᠤ ᠰᠣᠶᠣᠯ ᠤᠨ ᠥᠪ︾ ᠤᠨ ᠭᠠᠷᠠᠭ ᠤᠨ ᠦᠵᠡᠭᠦᠯᠦᠯᠭᠡ ᠶᠢᠨ ᠲᠣᠭᠯᠠᠯᠲᠠ ᠳᠤ | ᠣᠷᠣᠯᠴᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠲᠠᠶᠢᠸᠠᠨ᠂ ᠲᠢᠶᠠᠨᠵᠢᠨ᠂ ᠶᠦᠨᠨᠠᠨ ᠵᠡᠷᠭᠡ | ᠭᠠᠵᠠᠷ ᠲᠤ ᠤᠯᠠᠨ ᠤᠳᠠᠭ᠎ᠠ ᠬᠦᠷᠴᠦ᠂ ᠰᠣᠶᠣᠯ ᠵᠤᠭᠠᠴᠠᠯ ᠤᠨ ᠶᠠᠮᠤᠨ ᠠᠴᠠ ᠭᠤᠣᠯᠯᠠᠨ ᠡᠷᠬᠢᠯᠡᠭᠰᠡᠨ ︽ | ᠪᠣᠳᠠᠰ ᠤᠨ ᠪᠤᠰᠤ ᠰᠣᠶᠣᠯ ᠤᠨ ᠥᠪ︾ ᠤᠨ ᠰᠣᠯᠢᠯᠴᠠᠭ᠎ᠠ ᠦᠵᠡᠭᠦᠯᠦᠯᠭᠡ ᠶᠢᠨ ᠲᠣᠭᠯᠠᠯᠲᠠ ᠳᠤ ᠣᠷᠣᠯᠴᠠᠪᠠ᠃ | |