︽ᠠᠮᠳᠠᠳᠠᠢ︾ ᠴᠠᠭᠠᠨ ᠢᠳᠡᠭᠡᠨ SC ᠶᠢᠨ ᠭᠡᠷᠡᠴᠢᠯᠡᠯ ᠢ ᠣᠯᠪᠠ
ᠨᠡᠶᠢᠲᠡᠯᠡᠭᠰᠡᠨ ᠴᠠᠭ᠄
2024/2/20
   ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠠᠭᠠᠨ ᠢᠳᠡᠭᠡᠨ ᠤ ᠵᠦᠢᠯ ᠨᠠᠩ ᠥᠷᠭᠡᠨ ᠳᠡᠯᠭᠡᠷ ᠵᠠᠬ᠎ᠠ ᠳᠡᠯᠭᠡᠭᠦᠷ ᠲᠠᠢ ᠪᠤᠯᠪᠠ
 
     1 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠮᠠᠯᠴᠢᠨ ᠢᠳᠡᠭᠡᠨ ᠤ ᠬᠢᠵᠠᠭᠠᠷᠲᠤ ᠺᠣᠮᠫᠠᠨᠢ ︵ᠠᠮᠳᠠᠳᠠᠢ ᠴᠠᠭᠠᠨ ᠢᠳᠡᠭᠡᠨ︶᠂ ᠲᠦᠩᠯᠢᠶᠣᠣ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠮᠢᠯᠠᠭᠰᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠶᠢ ᠳᠠᠮᠵᠢᠭᠠᠳ᠂ ᠢᠳᠡᠭᠡᠨ ᠤ ᠵᠦᠢᠯ ︵SC︶ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠤᠷᠤᠭᠰᠢᠲᠠᠢ ᠣᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠣᠰ ᠦᠨᠡᠮᠯᠡᠯ ᠢ ᠣᠯᠣᠭᠰᠠᠨ ᠠᠩᠬᠠᠳᠠᠭᠴᠢ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠵᠠᠢ᠂ ᠲᠣᠰ ᠭᠡᠷᠡᠴᠢᠯᠡᠯ ᠢ ᠣᠯᠣᠭᠰᠠᠨ ᠨᠢ ᠤᠯᠠᠮᠵᠢᠯᠠᠯᠲᠤ ᠴᠠᠭᠠᠨ ᠢᠳᠡᠭᠡᠨ ᠤ ᠲᠥᠷᠥᠯ ᠵᠦᠢᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠠᠭᠠᠨ ᠢᠳᠡᠭᠡᠨ ᠲᠣᠮᠣ ᠬᠡᠯᠪᠡᠷᠢ ᠶᠢᠨ ᠬᠡᠲᠦ ᠳᠡᠯᠭᠡᠭᠦᠷ ᠲᠤ ᠣᠷᠣᠬᠤ ᠳᠤ ᠬᠦᠴᠦᠨ ᠨᠡᠮᠡᠷᠢᠯᠡᠵᠦ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠪᠥᠬᠦ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠳᠠᠶᠢᠴᠢᠯᠠᠬᠤ ᠪᠣᠯᠣᠨ᠎ᠠ᠃ ᠵᠢᠷᠤᠭ    ᠠᠮᠳᠠᠳᠠᠢ ᠴᠠᠭᠠᠨ ᠢᠳᠡᠭᠡᠨ ᠪᠣᠯ ᠥᠪᠥᠷ ᠮᠣᠩᠭᠤᠯ ᠤᠨ ᠮᠠᠯᠴᠢᠨ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠶᠠᠨ ᠳᠠᠬᠢ ᠮᠣᠩᠭᠤᠯ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠵᠢᠴᠢ ᠰᠡᠯᠡᠭᠦᠴᠡᠯ ᠤᠨ ᠢᠳᠡᠭᠡᠨ ᠤ ᠲᠥᠷᠥᠯ ᠤᠨ ᠨᠠᠷᠠᠲᠤ ᠲᠡᠮᠳᠡᠭ ᠪᠣᠯᠣᠨ᠎ᠠ᠃
 
  ᠠᠮᠳᠠᠳᠠᠢ ᠴᠠᠭᠠᠨ ᠢᠳᠡᠭᠡᠨ ᠤ ᠦᠢᠯᠡᠳᠪᠦᠷᠢ ᠶᠢ ᠤᠯᠠᠮᠵᠢᠯᠠᠯᠲᠤ ᠴᠠᠭᠠᠨ ᠢᠳᠡᠭᠡ ᠦᠢᠯᠡᠳᠪᠦᠷᠢᠯᠡᠬᠦ ᠲᠤᠭᠤᠷᠢᠭ ᠪᠠ ᠪᠡᠶᠡᠳᠡᠨ ᠣᠶᠢᠯᠠᠭᠠᠬᠤ ᠲᠤᠭᠤᠷᠢᠭ ᠭᠡᠵᠦ ᠬᠤᠶᠠᠷ ᠬᠡᠰᠡᠭ ᠬᠤᠪᠢᠶᠠᠵᠤ᠂ ᠪᠡᠶᠡᠳᠡᠨ ᠣᠶᠢᠯᠠᠭᠠᠬᠤ ᠲᠤᠭᠤᠷᠢᠭ ᠨᠢ ᠭᠤᠣᠯᠳᠠᠭᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠮᠵᠢᠯᠠᠯᠲᠤ ᠭᠠᠷ ᠤᠷᠠᠯᠠᠯ ᠤᠨ ᠮᠡᠷᠭᠡᠵᠢᠯ ᠢ ᠤᠯᠠᠮᠵᠢᠯᠠᠨ ᠵᠠᠯᠭᠠᠮᠵᠢᠯᠠᠵᠤ᠂ ᠮᠣᠩᠭᠤᠯ ᠴᠠᠭᠠᠨ ᠢᠳᠡᠭᠡᠨ ᠤ ᠰᠣᠶᠣᠯ ᠢ ᠤᠬᠠᠭᠤᠯᠬᠤ ᠪᠠᠷ ᠵᠣᠷᠢᠯᠭ᠎ᠠ ᠪᠠᠨ ᠪᠣᠯᠭᠠᠳᠠᠭ ᠃ ᠢᠯᠡ ᠲᠤᠳᠤ ᠵᠢᠷᠤᠵᠤ ᠲᠥᠯᠥᠪᠯᠡᠭᠰᠡᠨ ᠦᠢᠯᠡᠳᠪᠦᠷᠢᠯᠡᠯ ᠤᠨ ᠲᠣᠭᠤᠷᠢᠭ ᠲᠤ ᠲᠣᠭᠤᠷᠢᠨ ᠦᠵᠡᠵᠦ ᠪᠣᠯᠬᠤ ᠪᠥᠭᠡᠳ ᠡᠴᠢᠭᠡ ᠡᠬᠡ ᠦᠷ᠎ᠡ ᠬᠡᠦᠬᠡᠳ ᠤᠨ ᠪᠡᠶᠡᠳᠡᠨ ᠣᠶᠢᠯᠠᠭᠠᠵᠤ ᠪᠤᠯᠤᠨ᠎ᠠ᠃ ᠨᠡᠩ ᠢᠯᠠᠩᠭᠤᠶ᠎ᠠ ᠮᠣᠩᠭᠤᠯ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠭᠤᠯᠤᠭᠳᠠᠬᠤᠨ ᠪᠠ ᠦᠢᠯᠡᠳᠬᠦ ᠤᠷ᠎ᠠ ᠮᠡᠷᠭᠡᠵᠢᠯ ᠢ ᠬᠥᠮᠥᠰ ᠲᠤ ᠣᠶᠢᠯᠠᠭᠠᠭᠤᠯᠬᠤ ᠳᠤ ᠳᠥᠭᠦᠮ ᠦᠵᠡᠬᠦᠯᠬᠦ ᠪᠤᠯᠤᠨ᠎ᠠ᠃
 
   ᠣᠳᠣᠬᠠᠨ ᠳᠤ ᠠᠮᠳᠠᠳᠠᠢ ᠴᠠᠭᠠᠨ ᠢᠳᠡᠭᠡᠨ ᠤ ᠦᠢᠯᠡᠳᠪᠦᠷᠢ ᠨᠢ ᠭᠤᠣᠯᠳᠠᠭᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠪᠠ ᠰᠡᠯᠡᠭᠦᠴᠡᠯ ᠤᠨ ᠢᠳᠡᠭᠡᠨ ᠭᠡᠬᠦ ᠬᠤᠶᠠᠷ ᠶᠡᠭᠡ ᠲᠥᠷᠥᠯ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠪᠠᠶᠢᠨ᠎ᠠ᠂ ᠡᠭᠦᠨ ᠳᠤ ᠤᠯᠠᠮᠵᠢᠯᠠᠯᠲᠤ ᠴᠠᠭᠠᠨ ᠢᠳᠡᠭᠡᠨ ᠤ ᠵᠦᠢᠯ ᠳᠤ ᠬᠤᠷᠤᠳ᠂ ᠴᠠᠭᠠᠨ ᠢᠳᠡᠭᠡ᠂ ᠰᠢᠷ᠎ᠠ ᠲᠣᠰᠣ᠂ ᠡᠭᠡᠳᠡᠭᠰᠡᠨ ᠰᠦ ᠵᠡᠷᠭᠡ ᠪᠤᠶ᠃ ᠡᠭᠦᠨ ᠳᠤ ᠬᠤᠷᠤᠳ᠂ ᠴᠠᠭᠠᠨ ᠢᠳᠡᠭᠡᠨ ᠤ ᠵᠦᠢᠯ ᠨᠢ ᠬᠤᠷᠤᠳ᠂ ᠴᠠᠭᠠᠨ ᠢᠳᠡᠭᠡ᠂ ᠰᠢᠷ᠎ᠠ ᠲᠣᠰᠣ᠂ ᠡᠭᠡᠳᠡᠭᠰᠡᠨ ᠰᠦ ᠵᠡᠷᠭᠡ ᠪᠤᠶ᠃ ᠰᠡᠯᠡᠭᠦᠴᠡᠯ ᠤᠨ ᠢᠳᠡᠭᠡᠨ ᠳᠤ ᠲᠦᠳᠡ᠂ ᠰᠢᠬᠢᠷ ︵ᠵᠦᠭᠡᠭᠡᠢ᠂ ᠦᠷᠦᠮ᠎ᠡ᠂ ᠰᠢᠨ᠎ᠡ ᠰᠦ ᠶᠢᠨ ᠠᠮᠳᠠᠳᠠᠢ︶᠂ ᠬᠠᠳᠠᠭᠠᠭᠰᠠᠨ ᠦᠷᠦᠮ᠎ᠡ᠂ ᠮᠣᠩᠭᠤᠯ ᠪᠣᠣᠪᠤ ᠵᠡᠷᠭᠡ ᠬᠡᠳᠦᠨ ᠠᠷᠪᠠᠨ ᠵᠦᠢᠯ ᠤᠨ ᠪᠦᠲᠦᠭᠡᠭᠳᠡᠬᠦᠨ ᠲᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号