ᠡᠯ᠎ᠡ ᠠᠵᠢᠯᠴᠢᠨ ᠬᠡᠷᠡᠭᠯᠡᠬᠦ ᠠᠵᠤ ᠠᠬᠤᠶᠢᠯᠠᠯ᠂ ᠥᠷᠭᠡᠨ ᠣᠯᠠᠨ ᠠᠵᠢᠯ ᠡᠷᠢᠭᠰᠡᠳ ᠲᠤ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠣᠯᠣᠨ ᠲᠦᠩᠯᠢᠶᠣᠣ ᠬᠤᠲᠠ ᠶᠢᠨ ︽2024 ᠣᠨ ᠤ ᠬᠠᠪᠤᠷ ᠤᠨ | ᠰᠠᠯᠬᠢᠨ ᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠴᠠᠭᠠᠨ | ᠰᠠᠷ᠎ᠠ ᠶᠢᠨ ᠳᠠᠷᠠᠭᠠᠬᠢ ᠬᠥᠳᠡᠯᠮᠦᠷᠢᠴᠢᠳ ᠤᠨ ᠠᠵᠢᠯ ᠤᠨ ᠪᠠᠶᠢᠷᠢ ᠰᠣᠯᠢᠬᠤ ᠣᠷᠭᠢᠯ ᠦᠶ᠎ᠡ ᠪᠠ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠦᠢᠯᠡᠳᠪᠦᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢᠨ ᠬᠤᠭᠤᠴᠠᠭᠠᠨ ᠤ | ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠵᠦ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ | ᠦᠢᠯᠡᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠨ᠂ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ᠂ ᠠᠵᠢᠯᠴᠢᠨ ᠬᠡᠷᠡᠭᠯᠡᠬᠦ ᠶᠢ ᠪᠠᠲᠤᠯᠠᠨ᠂ ᠬᠥᠭᠵᠢᠯᠲᠡ ᠶᠢ ᠠᠬᠢᠭᠤᠯᠵᠤ᠂ ︽ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ 2024 ᠣᠨ ᠤ ︿ᠤᠷᠢᠬᠠᠨ ᠬᠠᠪᠤᠷ ᠤᠨ ᠠᠵᠢᠯᠯᠠᠭ᠎ᠠ﹀ ᠵᠢᠴᠢ ᠪᠡᠭᠡᠵᠢᠩ ᠥᠪᠥᠷ | ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠤᠰᠬᠠᠢ ᠲᠠᠯᠠᠪᠤᠷ ᠤᠨ ᠠᠵᠢᠯᠲᠠᠨ ᠡᠯᠰᠡᠬᠦ | ᠴᠤᠭᠯᠠᠭᠠᠨ︾ ᠢ ᠡᠷᠭᠢᠯᠡᠬᠦ ᠪᠠᠷ ᠲᠤᠭᠳᠠᠪᠠ᠂ ᠥᠷᠭᠡᠨ ᠣᠯᠠᠨ ᠬᠥᠮᠥᠨ ᠬᠡᠷᠡᠭᠯᠡᠬᠦ ᠠᠵᠤ ᠠᠬᠤᠶᠢᠯᠠᠯ ᠪᠠ ᠠᠵᠢᠯ | ᠡᠷᠢᠭᠰᠡᠳ ᠤᠨ ᠢᠳᠡᠪᠬᠢᠲᠡᠢ ᠪᠠᠷ ᠨᠡᠷ᠎ᠡ ᠮᠡᠳᠡᠭᠦᠯᠬᠦ ᠶᠢ ᠬᠦᠰᠡᠵᠦ ᠪᠠᠶᠢᠨ᠎ᠠ᠃ ᠡᠳᠦᠭᠡ ᠲᠤᠰᠬᠠᠢ ᠲᠠᠯᠠᠪᠠᠶ ᠶᠢᠨ | ᠠᠵᠢᠯᠲᠠᠨ ᠡᠯᠰᠡᠬᠦ ᠬᠤᠷᠠᠯ ᠤᠨ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | | ᠴᠠᠭ ᠪᠠ ᠡᠷᠬᠢᠯᠡᠬᠦ ᠭᠠᠵᠠᠷ | ᠴᠠᠭ᠄ 2024 ᠣᠨ ᠤ 3 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨᠡᠬᠢ 9᠄ 00 ︱ | ᠦᠳᠡ ᠶᠢᠨ ᠬᠤᠶᠢᠨᠠᠬᠢ 5᠄ 00 ᠪᠤᠯᠳᠠᠯ᠎ᠠ | ᠡᠷᠬᠢᠯᠡᠬᠦ ᠭᠠᠵᠠᠷ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠬᠡ ᠮᠠᠨᠳᠤᠯ ᠰᠢᠨ᠎ᠡ ᠡᠷᠢᠨ | ᠵᠠᠭᠤᠨᠠᠭᠤᠳᠠᠮ ᠲᠠᠯᠠᠪᠠᠶ | ᠠᠵᠢᠯᠯᠠᠭᠠᠨ ᠤ ᠭᠤᠣᠯ ᠰᠡᠳᠦᠪ | ᠤᠷᠢᠬᠠᠨ ᠬᠠᠪᠤᠷ ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠵᠤ ᠤᠨᠢᠨ ᠳᠡᠭᠡᠷ᠎ᠡ ᠨᠢ | ᠦᠢᠯᠡᠴᠢᠯᠡᠵᠦ ᠬᠥᠭᠵᠢᠯᠲᠡ ᠶᠢ ᠳᠡᠮᠵᠢᠨ᠎ᠡ | ᠦᠢᠯᠡᠴᠢᠯᠡᠬᠦ ᠡᠲᠡᠭᠡᠳ | ︵ᠨᠢᠭᠡ︶ ᠠᠵᠢᠯ ᠣᠯᠬᠤ ᠬᠦᠰᠡᠯ ᠲᠠᠢ ᠬᠤᠲᠠ ᠬᠥᠳᠡᠭᠡ ᠶᠢᠨ ᠬᠥᠳᠡᠯᠮᠦᠷᠢᠴᠢᠨ᠂ ᠢᠯᠠᠩᠭᠤᠶ᠎ᠠ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ︵ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠪᠠᠭᠲᠠᠨ᠎ᠠ︶᠂ | ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ | ᠪᠦᠯᠢ᠂ ᠥᠩᠭᠡᠷᠡᠭᠰᠡᠨ ᠬᠤᠭᠤᠴᠠᠭᠠᠨ ᠳᠤ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠡᠯ᠎ᠡ ᠲᠥᠷᠥᠯ ᠤᠨ | ᠪᠠᠶᠢᠭᠠᠯᠢ ᠶᠢᠨ ᠭᠠᠮᠰᠢᠭ ᠲᠤ ᠨᠥᠯᠥᠭᠡᠯᠡᠭᠳᠡᠭᠰᠡᠨ ᠣᠯᠠᠨ ᠲᠦᠮᠡᠨ᠃ | ︵ᠬᠤᠶᠠᠷ︶ ᠬᠤᠰᠢᠭᠤᠨ ᠤ ᠳᠣᠲᠣᠨ᠎ᠠ ᠭᠠᠳᠠᠨᠠᠬᠢ ᠠᠵᠢᠯᠴᠢᠨ ᠬᠡᠷᠡᠭᠰᠡᠬᠦ ᠬᠥᠮᠥᠨ ᠬᠡᠷᠡᠭᠯᠡᠬᠦ ᠠᠵᠤ ᠠᠬᠤᠶᠢᠯᠠᠯ | ᠂ ᠨᠢᠭᠡᠴᠡ᠂ ᠢᠯᠠᠩᠭᠤᠶ᠎ᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠪᠠ ᠳᠤᠮᠳᠠ | ᠵᠢᠵᠢᠭ ᠪᠢᠴᠢᠯ ᠠᠵᠤ ᠠᠬᠤᠶᠢᠯᠠᠯ᠃ | ᠠᠵᠤ ᠠᠬᠤᠶᠢᠯᠠᠯ ᠠᠵᠢᠯᠯᠠᠭ᠎ᠠ ᠳ᠋᠊ ᠤ ᠣᠷᠣᠯᠴᠠᠬᠤ | ᠠᠵᠢᠯᠴᠢᠨ ᠬᠡᠷᠡᠭᠯᠡᠬᠦ ᠠᠵᠤ ᠠᠬᠤᠶᠢᠯᠠᠯ ᠨᠡᠷ᠎ᠡ ᠮᠡᠳᠡᠭᠦᠯᠬᠦ ᠬᠦᠰᠦᠨᠦᠭᠲᠦ ᠲᠠᠭᠯᠠᠵᠤ᠂ ᠨᠡᠷ᠎ᠡ ᠮᠡᠳᠡᠭᠦᠯᠬᠦ | ᠬᠦᠰᠦᠨᠦᠭᠲᠦ ᠪᠠ ᠡᠵᠡᠩᠨᠡᠯᠲᠡ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ ᠪᠤᠶᠤ ᠠᠯᠪᠠᠨ ᠲᠠᠮᠠᠭ᠎ᠠ ᠳᠠᠷᠤᠭᠰᠠᠨ | ᠪᠠᠭᠤᠯᠭᠠᠪᠤᠷᠢ ᠶᠢ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠲᠥᠪ ᠲᠤ ᠮᠡᠳᠡᠭᠦᠯᠦᠨ | ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠠᠵᠢᠯᠯᠠᠭ᠎ᠠ ᠳᠤ ᠣᠷᠣᠯᠴᠠᠨ᠎ᠠ᠃ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠭᠤᠣᠯᠯᠠᠨ ᠡᠷᠬᠢᠯᠡᠭᠰᠡᠨ ᠨᠢᠭᠡᠴᠡ᠄ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠭ᠎ᠠ ᠶᠢᠨ ᠲᠤᠪᠴᠢᠶ᠎ᠠ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ | ᠤᠯᠭᠤᠬᠤ ᠦᠢᠯᠡᠴᠢᠯᠡᠭᠡᠨ ᠤ ᠲᠦᠪ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ | ᠳᠠᠭᠠᠭᠠᠨ ᠭᠦᠢᠴᠡᠳᠭᠡᠬᠦ ᠨᠢᠭᠡᠴᠡ᠄ | ᠲᠦᠩᠯᠢᠶᠣᠣ ᠬᠤᠲᠠ ᠶᠢᠨ ᠴᠤᠤᠷᠢᠶ᠎ᠠ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠢᠵᠠᠭᠠᠷᠲᠤ | ᠺᠣᠮᠫᠠᠨᠢ | ᠬᠠᠮᠵᠢᠨ ᠭᠦᠢᠴᠡᠳᠬᠡᠬᠦ ᠨᠢᠭᠡᠴᠡ᠄ | ᠪᠡᠭᠡᠵᠢᠩ ᠬᠤᠲᠠ ᠶᠢᠨ ᠴᠣᠣᠶᠠᠩ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠭ᠎ᠠ ᠶᠢᠨ ᠲᠤᠪᠴᠢᠶ᠎ᠠ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠡᠯᠳᠡ ᠪᠠ | ᠰᠢᠨᠵᠢᠯᠡᠬᠦ ᠮᠡᠷᠭᠡᠵᠢᠯ ᠤᠨ ᠲᠣᠪᠴᠢᠶ᠎ᠠ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠶᠠᠪᠤᠳᠠᠯ ᠤᠨ | ᠦᠢᠯᠡᠴᠢᠯᠡᠭᠡᠨ ᠤ ᠲᠦᠪ | ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠷᠢᠶ᠎ᠠ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠤᠪᠴᠢᠶ᠎ᠠ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ | ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ | ᠯᠠᠪᠯᠠᠬᠤ ᠤᠳᠠᠰᠤ | ᠬᠠᠷᠢᠯᠴᠠᠬᠤ ᠬᠥᠮᠥᠨ᠄ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ | ᠤᠯᠭᠤᠬᠤ ᠦᠢᠯᠡᠴᠢᠯᠡᠭᠡᠨ ᠤ ᠲᠦᠪ | ᠬᠠᠷᠢᠯᠴᠠᠬᠤ ᠬᠥᠮᠥᠨ᠄ | ᠬᠠᠷᠢᠯᠴᠠᠬᠤ ᠤᠲᠠᠰᠤ᠄ 0475 ︱ 5210855 | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠨ | ᠠᠵᠢᠯᠴᠢᠨ ᠤ ᠦᠢᠯᠡᠴᠢᠯᠡᠭᠡᠨ ᠤ ᠪᠠᠳᠤᠯᠠᠭ᠎ᠠ ᠶᠢᠨ ᠲᠦᠪ | ᠬᠠᠷᠢᠯᠴᠠᠬᠤ ᠬᠥᠮᠥᠨ᠄ ᠨᠠ ᠨᠠ | ᠬᠠᠷᠢᠯᠴᠠᠬᠤ ᠤᠲᠠᠰᠤ᠄ 0475 ︱ 5998036 | ᠳᠣᠲᠣᠨᠣ ᠰᠠᠨᠠᠭᠤᠯᠤᠮᠵᠢ | 1. ᠠᠵᠢᠯᠲᠠᠨ ᠡᠯᠰᠡᠬᠦ ᠬᠤᠷᠠᠯ ᠤᠨ ᠨᠢᠭᠡᠳᠦᠯᠲᠡᠢ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ᠂ ᠨᠡᠷ᠎ᠡ | ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ ᠰᠠᠶ᠋ᠢ ᠬᠤᠷᠠᠯ ᠳᠤ ᠣᠷᠣᠯᠴᠠᠵᠤ ᠪᠣᠯᠣᠨ᠎ᠠ︔ | 2. ᠲᠤᠰ ᠤᠳᠠᠭᠠᠨ ᠤ ᠠᠵᠢᠯᠯᠠᠭ᠎ᠠ ᠳᠤ ᠰᠦᠢᠳᠬᠡᠯ ᠬᠤᠷᠢᠶᠠᠬᠤ ᠦᠭᠡᠢ ᠪᠠᠷ ᠤᠷᠤᠯᠴᠠᠨ᠎ᠠ | 3. ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠪᠥᠬᠦ ᠶᠠᠪᠤᠴᠠ ᠳᠤ ᠬᠠᠮᠵᠢᠯᠴᠠᠨ ᠠᠵᠢᠯᠯᠠᠬᠤ ᠶᠢᠨ ᠬᠠᠮᠲᠤ | ᠵᠣᠬᠢᠬᠤ ᠲᠤᠭ᠎ᠠ ᠪᠠᠷᠢᠮᠲᠠ ᠪᠠᠨ ᠬᠠᠷᠢᠭᠤ ᠲᠤᠰᠬᠠᠨ᠎ᠠ︔ | 4. ᠠᠵᠢᠯᠲᠠᠨ ᠡᠯᠰᠡᠬᠦ ᠬᠤᠭᠤᠴᠠᠭᠠᠨ ᠳᠤ ᠦᠵᠡᠭᠦᠯᠦᠯᠭᠡ ᠶᠢᠨ ᠪᠠᠶᠢᠷᠢᠨ ᠳᠤ ᠬᠤᠭᠤᠯᠠ ᠢᠳᠡᠬᠦ ᠶᠢ | ᠴᠢᠩᠭ᠎ᠠ ᠴᠠᠭᠠᠵᠠᠯᠠᠨ᠎ᠠ | 5. ᠠᠵᠢᠯᠲᠠᠨ ᠡᠯᠰᠡᠬᠦ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠢ ᠦᠨᠡᠨᠬᠦ ᠪᠠᠲᠤᠯᠠᠵᠤ᠂ ᠬᠤᠳᠠᠯ | ᠬᠠᠭᠤᠷᠮᠠᠭ ᠮᠡᠳᠡᠭᠡ ᠵᠠᠩᠭᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ | 6. ᠠᠵᠢᠯᠲᠠᠨ ᠡᠯᠰᠡᠬᠦ ᠬᠤᠷᠠᠯ ᠤᠨ ᠨᠡᠷ᠎ᠡ ᠪᠠᠷ ᠤᠷᠢᠭᠳᠠᠭᠰᠠᠳ ᠠᠴᠠ ᠶᠠᠮᠠᠷᠪᠠ ᠰᠦᠢᠳᠬᠡᠯ ᠬᠤᠷᠢᠶᠠᠬᠤ ᠶᠢ | ᠴᠢᠩᠭ᠎ᠠ ᠴᠠᠭᠠᠵᠠᠯᠠᠨ᠎ᠠ᠃ | ᠳᠠᠭᠠᠯᠳᠤᠭᠤᠯᠤᠯ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ︽ᠤᠷᠢᠬᠠᠨ | ᠬᠠᠪᠤᠷ ᠤᠨ ᠠᠵᠢᠯᠯᠠᠭ᠎ᠠ︾ ᠵᠢᠴᠢ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ | ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠤ ᠡᠯ᠎ᠡ ᠠᠵᠤ ᠠᠬᠤᠶᠢᠯᠠᠯ ᠤᠨ ᠠᠵᠢᠯᠲᠠᠨ ᠡᠯᠰᠡᠬᠦ | ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ | | |