︽ᠵᠠᠰᠠᠭ ᠵᠠᠬᠢᠷᠭᠠᠨ ᠤ ᠳᠠᠬᠢᠨ ᠵᠦᠪᠯᠡᠯᠳᠡ ᠪᠠᠷ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠵᠤ᠂ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠶ᠎ᠠ︾
ᠨᠡᠶᠢᠲᠡᠯᠡᠭᠰᠡᠨ ᠴᠠᠭ᠄
2024/2/27
                                                          ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠤᠯᠢ                             ᠴᠠᠭᠠᠵᠠ ᠶᠢᠨ ᠲᠣᠪᠴᠢᠶ᠎ᠠ ᠰᠦᠯᠵᠢᠶᠡᠨ   ᠳᠠᠬᠢ ᠰᠤᠷᠪᠤᠯᠵᠢᠯᠠᠭ᠎ᠠ      ᠰᠦᠯᠵᠢᠶᠡᠨ ᠨᠠᠶᠢᠵᠠ ᠨᠠᠷ᠂ ᠪᠦᠬᠦᠳᠡᠭᠡᠷ  ᠰᠠᠶᠢᠨ ᠤᠤ︖ ᠥᠨᠥᠳᠦᠷ ᠪᠢᠳᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠬᠠᠷᠢᠭᠤᠴᠠᠯᠭᠠᠲᠠᠨ ᠹᠦ᠋ ᠯᠢ ᠵᠢᠶᠠ   ᠶᠢ ᠤᠷᠢᠵᠥ ᠤᠯᠠᠨ ᠲᠠᠢ ᠬᠠᠮᠳᠤᠪᠠᠷ  ︽ᠵᠠᠰᠠᠭ ᠵᠠᠬᠢᠷᠭᠠᠨ ᠤ ᠳᠠᠬᠢᠨ ᠵᠦᠪᠯᠡᠯᠳᠡ ᠪᠠᠷ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠵᠤ᠂ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠶ᠎ᠠ︾ ᠭᠡᠬᠦ ᠶᠠᠷᠢᠯᠴᠠᠭ᠎ᠠ   ᠦᠷᠨᠢᠬᠦᠯᠬᠦ ᠪᠤᠯᠤᠨ᠎ᠠ  ᠃  ᠹᠦ᠋ ᠯᠢ ᠵᠢᠶᠠ 2024-01-29  14᠄ 03    ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠰᠠᠶᠢᠨ ᠪᠠᠶᠢᠨ᠎ᠠ᠂ ᠰᠦᠯᠵᠢᠶᠡᠨ ᠳᠡᠭᠡᠷᠡᠬᠢ ᠰᠤᠷᠪᠤᠯᠵᠢᠯᠠᠨ ᠶᠠᠷᠢᠯᠴᠠᠬᠤ ᠫᠷᠤᠭ᠍ᠷᠠᠮ ᠳᠤ ᠢᠷᠡᠭᠰᠡᠨ ᠳᠤ ᠪᠠᠨ ᠮᠠᠰᠢ ᠪᠠᠶᠠᠷᠲᠠᠶ ᠪᠠᠶᠢᠨ᠎ᠠ᠂ ᠪᠢᠳᠡ ᠥᠨᠥᠳᠦᠷ ︽ᠵᠠᠰᠠᠭ ᠵᠠᠬᠢᠷᠭᠠᠨ ᠤ ᠳᠠᠬᠢᠨ ᠵᠦᠪᠯᠡᠯᠳᠡ ᠪᠠᠷ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠵᠤ᠂ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠶ᠎ᠠ︾ ᠭᠡᠬᠦ ᠰᠡᠳᠦᠪ ᠤᠨ ᠲᠣᠭᠤᠷᠢᠨ ᠳᠤ ᠥᠷᠭᠡᠨ ᠣᠯᠠᠨ ᠰᠦᠯᠵᠢᠶᠡᠨ ᠠᠨᠳᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠤᠯᠢᠯᠴᠠᠬᠤ ᠪᠤᠯᠤᠨ᠎ᠠ  ᠂ ᠥᠷᠭᠡᠨ ᠣᠯᠠᠨ ᠰᠦᠯᠵᠢᠶᠡᠨ ᠠᠨᠳᠠ ᠨᠠᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠨ ᠤ ᠥᠨᠥᠳᠦᠷ ᠤᠨ ᠰᠤᠷᠪᠤᠯᠵᠢᠯᠠᠨ ᠶᠠᠷᠢᠯᠴᠠᠬᠤ ᠳᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠬᠳᠤᠶ᠎ᠠ᠃ᠬᠥᠲᠥᠯᠦᠭᠴᠢ 2024 - 01-29  14᠄ 04    ᠵᠠ  ᠪᠠᠶᠠᠷᠯᠠᠯ᠎ᠠ᠃ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠵᠥ ᠪᠠᠶᠢᠭ᠎ᠠ ᠠᠬᠤᠢ ᠪᠠᠶᠢᠳᠠᠯ ᠳᠣᠣᠷ᠎ᠠ᠂ ᠪᠢᠳᠡ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ᠂ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ ᠬᠠᠮᠠᠭᠠᠯᠠᠬᠤ ᠶᠢᠨ ᠲᠥᠯᠥᠭᠡ᠂ ᠶᠠᠮᠠᠷ ᠶᠠᠪᠤᠳᠠᠯ ᠨᠢ ᠵᠠᠰᠠᠭ ᠵᠠᠬᠢᠷᠭᠠᠨ ᠢᠶᠠᠷ ᠳᠠᠬᠢᠨ ᠵᠦᠪᠯᠡᠯᠳᠡ ᠶᠢ ᠱᠠᠭᠠᠷᠳᠠᠬᠤ ᠪᠤᠢ︖ ᠹᠦ᠋ ᠯᠢ ᠵᠢᠶᠠ 2024 - 01-29 14᠄ 04    ᠡᠷᠭᠡᠳᠦ ᠠᠷᠠᠳ᠂ ᠬᠠᠤᠯᠢ ᠶᠢᠨ ᠡᠷᠭᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ  ᠲᠤᠤᠷᠠᠬᠢ  ᠵᠠᠰᠠᠭ ᠵᠠᠬᠢᠷᠭᠠᠨ ᠤ ᠠᠵᠢᠯᠯᠠᠭ᠎ᠠ ᠨᠢ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠠᠬᠤᠢ ᠲᠠᠯᠠᠪᠠᠢ ᠳᠤ ᠠᠮᠠ ᠪᠠᠷ ᠪᠤᠶᠤ ᠪᠢᠴᠢᠭ ᠤᠨ ᠬᠡᠯᠪᠡᠷᠢ᠂ ᠰᠢᠤᠳᠠᠨ ᠭᠤᠪᠢᠭᠤᠯᠭ᠎ᠠ   ᠶᠢᠨ ᠭᠤᠶᠤᠴᠢᠯᠠᠭ᠎ᠠ  ᠂ ᠰᠦᠯᠵᠢᠶᠡᠨ ᠭᠤᠶᠤᠴᠢᠯᠠᠭ᠎ᠠ ᠵᠡᠷᠭᠡ ᠬᠡᠯᠪᠡᠷᠢ ᠪᠠᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠬᠢᠨ ᠵᠥᠪᠯᠡᠬᠦ ᠪᠠᠶᠢᠭᠤᠯᠤᠮᠵᠢ ᠪᠤᠯᠬᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠵᠠᠰᠠᠭ ᠵᠠᠬᠢᠷᠭᠠᠨ ᠤ ᠳᠠᠬᠢᠨ ᠵᠦᠪᠯᠡᠯᠳᠡ ᠶᠢᠨ ᠭᠤᠶᠤᠴᠢᠯᠠᠯ ᠭᠠᠷᠭᠠᠵᠤ ᠪᠣᠯᠤᠨ᠎ᠠ᠃    ︵ᠨᠢᠭᠡ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠢ ᠵᠥᠪᠰᠢᠶᠡᠷᠡᠬᠦ ᠦᠭᠡᠢ᠃    ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠵᠠᠰᠠᠭ ᠵᠠᠬᠢᠷᠭᠠᠨ ᠤ ᠠᠯᠪᠠᠳᠠᠨ ᠭᠦᠢᠴᠡᠳᠭᠡᠬᠦ ᠲᠣᠭᠲᠠᠭᠠᠯ ᠢ ᠵᠥᠪᠰᠢᠶᠡᠷᠡᠬᠦ ᠦᠭᠡᠢ    ︵ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ ᠭᠤᠶᠤᠴᠢᠯᠠᠬᠤ ᠳᠤ ᠵᠠᠰᠠᠭ ᠵᠠᠬᠢᠷᠭᠠᠨ ᠤ ᠪᠠᠶᠢᠭᠤᠯᠭ᠎ᠠ ᠡᠰᠡ ᠬᠦᠯᠢᠶᠡᠨ ᠠᠪᠬᠤ ᠪᠣᠶᠤ ᠬᠠᠤᠯᠢ ᠳᠤ ᠳᠣᠭᠲᠠᠭᠠᠭᠰᠠᠨ ᠬᠤᠭᠤᠴᠠᠭᠠᠨ ᠳᠣᠲᠤᠷ᠎ᠠ ᠬᠠᠷᠢᠭᠤᠯᠲᠠ ᠥᠭᠬᠦ ᠦᠭᠡᠢ᠂ ᠡᠰᠡᠭᠦᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠢ ᠵᠦᠪᠰᠢᠶᠡᠷᠡᠬᠦ ᠦᠭᠡᠢ᠃    ︵ᠲᠦᠷᠪᠡ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢ ᠲᠣᠭᠲᠠᠭᠠᠬᠤ ᠲᠣᠭᠲᠠᠭᠠᠯ ᠢ ᠵᠥᠪᠰᠢᠶᠡᠷᠡᠬᠦ ᠦᠭᠡᠢ  ︔    ︵ᠲᠠᠪᠤ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠠᠭᠰᠠᠨ ᠲᠠᠲᠠᠪᠤᠷᠢᠯᠠᠨ ᠬᠡᠷᠡᠭᠯᠡᠬᠦ ᠲᠣᠭᠲᠠᠭᠠᠯ ᠵᠢᠴᠢ ᠨᠦᠬᠦᠪᠦᠷᠢ ᠥᠭᠬᠦ ᠲᠣᠭᠲᠠᠭᠠᠯ ᠢ ᠵᠥᠪᠰᠢᠶᠡᠷᠡᠬᠦ ᠦᠭᠡᠢ︔    ︵ᠵᠢᠷᠭᠤᠭ᠎ᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠲᠥᠯᠥᠪᠦᠷᠢ ᠶᠢᠨ ᠲᠣᠭᠲᠠᠭᠠᠯ ᠪᠤᠶᠤ ᠦᠯᠦ ᠲᠥᠯᠥᠬᠦ ᠲᠣᠭᠲᠠᠭᠠᠯ ᠢ  ᠵᠦᠪᠰᠢᠶᠡᠷᠡᠬᠦ ᠦᠬᠡᠢ    ︵ᠳᠤᠯᠤᠭ᠎ᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠠᠵᠢᠯ ᠠᠴᠠ ᠪᠣᠯᠤᠭᠰᠠᠨ ᠭᠡᠮᠲᠦᠯ ᠤᠨ ᠦᠨᠡᠮᠰᠢᠭᠦᠯᠬᠦ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠰᠢᠢᠳᠪᠦᠷᠢ ᠪᠤᠶᠤ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠭᠰᠠᠨ ᠳ᠋ᠦᠩᠨᠡᠯᠲᠡ ᠶᠢ ᠵᠦᠪᠰᠢᠶᠡᠷᠡᠬᠦ ᠦᠭᠡᠢ︔    ︵ᠨᠠᠢᠮᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢ ᠡᠵᠡᠩᠨᠡᠯᠲᠡ ᠶᠢᠨ ᠡᠵᠡᠨ ᠮᠡᠳᠡᠬᠦ ᠡᠷᠬᠡ ᠪᠤᠶᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠳᠤ ᠬᠠᠯᠳᠠᠭᠰᠠᠨ ᠭᠡᠵᠦ ᠦᠵᠡᠵᠥ ᠪᠠᠶᠢᠬᠤ︔    ︵ᠶᠢᠰᠦ︶ ᠵᠠᠰᠠᠭ ᠵᠠᠬᠢᠷᠭᠠᠨ ᠤ ᠪᠠᠶᠢᠭᠤᠯᠭ᠎ᠠ  ᠂  ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠬᠡᠷᠡᠭᠯᠡᠨ ᠥᠷᠢᠰᠥᠯᠳᠦᠭᠡᠨ ᠢ  ᠦᠬᠡᠶᠢᠰᠭᠡᠬᠦ  ᠪᠤᠶᠤ  ᠬᠢᠵᠠᠭᠠᠷᠯᠠᠪᠠ ᠭᠡᠵᠥ ᠦᠵᠡᠵᠥ ᠪᠠᠶᠢᠬᠤ  ᠃    ︵ᠠᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠢ ᠵᠦᠷᠢᠴᠡᠨ ᠪᠡᠯᠡ ᠴᠤᠭᠯᠠᠭᠤᠯᠤᠭᠰᠠᠨ᠂ ᠵᠠᠷᠤᠳᠠᠯ ᠲᠡᠰᠭᠡᠨ ᠲᠠᠲᠠᠪᠤᠷᠢᠯᠠᠭᠰᠠᠨ ᠪᠣᠶᠤ ᠬᠠᠤᠯᠢ ᠶᠢ ᠵᠦᠷᠢᠴᠡᠵᠦ ᠪᠤᠰᠤᠳ ᠡᠭᠦᠷᠭᠡ ᠶᠢ ᠭᠦᠢᠴᠡᠳᠭᠡᠭᠦᠯᠬᠦ ᠪᠠᠷ ᠱᠠᠭᠠᠷᠳᠠᠭᠰᠠᠨ  ︔    ︵ᠠᠷᠪᠠᠨ ᠨᠢᠭᠡ︶ ᠵᠠᠰᠠᠭ ᠵᠠᠬᠢᠷᠭᠠᠨ ᠤ ᠪᠠᠶᠢᠭᠤᠯᠭ᠎ᠠ   ᠠᠴᠠ ᠬᠥᠮᠥᠨ ᠤ ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠡᠷᠬᠡ᠂ ᠰᠤᠷᠭᠠᠨ ᠬᠥᠮᠥᠵᠢᠯ ᠬᠦᠷᠲᠡᠬᠦ ᠡᠷᠬᠡ ᠵᠡᠷᠭᠡ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠭᠤᠶᠤᠴᠢᠯᠠᠬᠤ  ᠳᠤ  ᠵᠠᠰᠠᠭ ᠵᠠᠬᠢᠷᠭᠠᠨ ᠤ ᠪᠠᠶᠢᠭᠤᠯᠭ᠎ᠠ ᠭᠦᠢᠴᠡᠳᠬᠡᠬᠦ ᠶᠢ ᠲᠡᠪᠴᠢᠭᠰᠡᠨ᠂ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠶᠤ ᠬᠠᠷᠢᠭᠤᠯᠲᠠ ᠥᠭᠬᠦ ᠦᠭᠡᠢ    ︵ᠠᠷᠪᠠᠨ ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ   ᠠᠴᠠ ᠬᠠᠤᠯᠢ ᠶᠣᠰᠤᠭᠠᠷ ᠠᠰᠠᠷᠠᠮᠵᠢ ᠶᠢᠨ ᠮᠦᠩᠭᠦ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠪᠣᠶᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ  ᠤᠨ ᠪᠠᠳᠤᠯᠠᠭ᠎ᠠ ᠶᠢ ᠭᠤᠶᠤᠴᠢᠯᠠᠬᠤ ᠳᠤ ᠬᠠᠤᠯᠢ ᠶᠤᠰᠤᠭᠠᠷ ᠦᠭᠬᠦᠭᠰᠡᠨ ᠦᠬᠡᠢ᠃    ︵ᠠᠷᠪᠠᠨ ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠣᠰᠣᠭᠠᠷ ᠲᠣᠭᠲᠠᠭᠠᠭᠰᠠᠨ ᠦᠭᠡᠢ᠂ ᠬᠠᠤᠯᠢ ᠶᠣᠰᠣᠭᠠᠷ ᠭᠦᠢᠴᠡᠳᠬᠡᠭᠰᠡᠨ ᠦᠭᠡᠢ᠂ ᠪᠣᠯᠵᠣᠨ ᠲᠣᠭᠲᠠᠭᠰᠠᠨ ᠶᠣᠰᠣᠭᠠᠷ ᠭᠦᠢᠴᠡᠳᠬᠡᠭᠰᠡᠨ ᠦᠭᠡᠢ ᠪᠤᠶᠤ ᠬᠠᠤᠯᠢ ᠶᠢ ᠵᠥᠷᠢᠴᠡᠨ ᠬᠤᠪᠢᠷᠠᠭᠤᠯᠤᠭᠰᠠᠨ᠂ ᠵᠠᠰᠠᠭ ᠤᠨ ᠣᠷᠳᠣᠨ ᠤ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠬᠡᠯᠡᠯᠴᠡᠭᠡᠷ᠂ ᠭᠠᠵᠠᠷ ᠰᠢᠷᠣᠢ ᠭᠡᠷ ᠪᠠᠶᠢᠰᠢᠩ ᠢ ᠲᠠᠲᠠᠪᠤᠷᠢᠯᠠᠬᠤ ᠨᠥᠬᠦᠪᠥᠷᠢ ᠶᠢᠨ ᠬᠡᠯᠡᠯᠴᠡᠭᠡᠷ  ᠵᠡᠷᠭᠡ ᠵᠠᠰᠠᠭ ᠵᠠᠬᠢᠷᠭᠠᠨ ᠤ ᠵᠥᠪᠯᠡᠯᠴᠡᠭᠡᠷ ᠢ ᠬᠦᠴᠦᠨ ᠦᠭᠡᠢ ᠪᠣᠯᠭᠠᠭᠰᠠᠨ  ︔    ︵ᠠᠷᠪᠠᠨ ᠲᠦᠷᠪᠡ︶ ᠵᠠᠰᠠᠭ ᠵᠠᠬᠢᠷᠭᠠᠨ ᠤ ᠪᠠᠶᠢᠭᠤᠯᠤᠯᠭ᠎ᠠ ᠂  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠲᠡᠳᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠠᠳᠠᠭᠰᠠᠨ ᠭᠡᠵᠦ ᠦᠵᠡᠵᠥ ᠪᠠᠶᠢᠬᠤ  ᠃    ︵ᠠᠷᠪᠠᠨ ᠲᠠᠪᠤ︶ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠪᠤᠰᠤᠳ ᠦᠢᠯᠡ ᠠᠵᠢᠯᠯᠠᠭ᠎ᠠ ᠨᠢ ᠲᠡᠳᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠠᠳᠠᠭᠰᠠᠨ ᠭᠡᠵᠦ ᠦᠵᠡᠵᠥ ᠪᠠᠶᠢᠬᠤ ᠬᠥᠲᠥᠯᠦᠭᠴᠢ 2024 - 01-2914᠄ 04    ᠰᠠᠶᠢ ᠲᠠᠨ ᠤ ᠲᠠᠨᠢᠯᠴᠠᠭᠤᠯᠭ᠎ᠠ  ᠠᠴᠠ ᠪᠢᠳᠡ ᠶᠠᠮᠠᠷ ᠤᠴᠢᠷ ᠶᠠᠪᠤᠳᠠᠯ  ᠳᠤ ᠵᠠᠰᠠᠭ ᠵᠠᠬᠢᠷᠭᠠᠨ ᠤ ᠳᠠᠬᠢᠨ  ᠵᠦᠪᠯᠡᠯᠳᠡ ᠶᠢ ᠱᠠᠭᠠᠷᠳᠠᠵᠥ ᠪᠤᠯᠤᠨ᠎ᠠ ᠭᠡᠳᠡᠭ ᠢ ᠶᠡᠭᠡ ᠲᠦᠯᠦᠪ ᠤᠶᠢᠯᠠᠭᠠᠯ᠎ᠠ  ᠃ ᠲᠡᠭᠡᠪᠡᠯ ᠵᠠᠰᠠᠭ ᠵᠠᠬᠢᠷᠭᠠᠨ ᠤ ᠳᠠᠬᠢᠨ ᠵᠦᠪᠯᠡᠯᠳᠡ ᠶᠢᠨ ᠭᠤᠶᠤᠴᠢᠯᠠᠯ   ᠤᠨ ᠴᠠᠭ ᠲᠤ ᠶᠠᠮᠠᠷ ᠲᠣᠭᠲᠠᠭᠠᠯ ᠲᠠᠢ ᠪᠤᠢ︖ ᠲᠠ ᠪᠢᠳᠡᠨ ᠳᠤ ᠨᠢᠭᠡ ᠲᠣᠪᠴᠢ ᠲᠠᠨᠢᠯᠴᠠᠭᠤᠯᠭ᠎ᠠ ᠬᠢᠨ᠎ᠡ ᠤᠤ︖ ᠹᠦ᠋ ᠯᠢ ᠵᠢᠶᠠ 2024-01-2914᠄ 05    ᠡᠷᠭᠡᠳᠦ ᠠᠷᠠᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠲᠤᠰ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠮᠡᠳᠡᠭᠰᠡᠨ ᠪᠤᠶᠤ ᠮᠡᠳᠡᠬᠦ ᠶᠣᠰᠣᠲᠠᠶ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠵᠤ ᠪᠣᠯᠤᠨ᠎ᠠ︔ ᠭᠡᠪᠡᠴᠦ ᠬᠠᠤᠯᠢ ᠴᠠᠭᠠᠵᠠ ᠳᠤ ᠲᠣᠭᠲᠠᠭᠠᠭᠰᠠᠨ ᠭᠤᠶᠤᠴᠢᠯᠠᠯ ᠤᠨ ᠬᠤᠭᠤᠴᠠᠭ᠎ᠠ ᠨᠢ 60 ᠡᠳᠦᠷ ᠠᠴᠠ ᠬᠡᠲᠦᠷᠡᠭᠰᠡᠨ ᠪᠠᠶᠢᠪᠠᠯ ᠡᠭᠦᠨ ᠳᠤ ᠪᠠᠭᠲᠠᠬᠤ ᠦᠭᠡᠢ᠃ ᠳᠠᠭᠠᠭᠠᠵᠤ ᠳᠡᠶᠢᠯᠬᠦ ᠦᠭᠡᠶ ᠬᠦᠴᠦᠨ ᠪᠤᠶᠤ ᠪᠤᠰᠤᠳ ᠵᠦᠢ ᠶᠣᠰᠣᠨ ᠤ ᠰᠢᠯᠲᠠᠭᠠᠨ ᠠᠴᠠ ᠪᠣᠯᠵᠤ ᠬᠠᠤᠯᠢ ᠪᠠᠷ ᠲᠣᠭᠲᠠᠭᠠᠭᠰᠠᠨ ᠭᠤᠶᠤᠴᠢᠯᠠᠬᠤ ᠬᠤᠭᠤᠴᠠᠭ᠎ᠠ ᠶᠢ ᠰᠠᠭᠠᠲᠠᠭᠠᠭᠰᠠᠨ ᠪᠣᠯ ᠭᠤᠶᠤᠴᠢᠯᠠᠬᠤ ᠬᠤᠭᠤᠴᠠᠭ᠎ᠠ ᠬᠢᠵᠠᠭᠠᠷ ᠢ ᠨᠢ ᠰᠠᠭᠠᠳ ᠢ ᠠᠷᠢᠯᠭᠠᠭᠰᠠᠨ ᠡᠳᠦᠷ ᠠᠴᠠ ᠡᠬᠢᠯᠡᠨ ᠦᠷᠭᠦᠯᠵᠢᠯᠡᠨ ᠪᠣᠳᠣᠨ᠎ᠠ᠃    ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠠᠵᠢᠯᠯᠠᠭ᠎ᠠ  ᠬᠢᠬᠦ ᠦᠶ᠎ᠡ  ᠳᠤ᠂  ᠡᠷᠭᠡᠳᠦ ᠠᠷᠠᠳ  ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠡᠷᠬᠡ᠂ ᠵᠠᠰᠠᠭ ᠵᠠᠬᠢᠷᠭᠠᠨ ᠤ ᠳᠡᠬᠢᠨ ᠵᠥᠪᠯᠡᠬᠦ ᠪᠠᠶᠢᠭᠤᠯᠭ᠎ᠠ ᠪᠠ ᠭᠤᠶᠤᠴᠢᠯᠠᠬᠤ ᠬᠢᠵᠠᠭᠠᠷᠯᠠᠬᠤ ᠬᠤᠭᠤᠴᠠᠭ᠎ᠠ ᠶᠢ ᠮᠡᠳᠡᠭᠳᠡᠭᠰᠡᠨ ᠦᠬᠡᠢ ᠪᠤᠯ᠂ ᠭᠤᠶᠤᠴᠢᠯᠠᠬᠤ ᠬᠤᠭᠤᠴᠠᠭ᠎ᠠ ᠶᠢ ᠡᠷᠭᠡᠳᠦ ᠠᠷᠠᠳ  ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠮᠡᠳᠡᠭᠰᠡᠨ ᠪᠤᠶᠤ ᠮᠡᠳᠡᠪᠡᠯ ᠵᠤᠬᠢᠬᠤ ᠡᠳᠦᠷ ᠠᠴᠠ ᠡᠬᠢᠯᠡᠨ ᠪᠣᠳᠣᠨ᠎ᠠ᠂ ᠭᠡᠬᠦ ᠳᠡᠭᠡᠨ ᠵᠠᠰᠠᠭ ᠵᠠᠬᠢᠷᠭᠠᠨ ᠤ ᠠᠵᠢᠯᠯᠠᠭ᠎ᠠ ᠶᠢᠨ ᠠᠭᠤᠯᠭ᠎ᠠ ᠶᠢ ᠮᠡᠳᠡᠭᠰᠡᠨ ᠪᠤᠶᠤ ᠮᠡᠳᠡᠬᠦ ᠶᠣᠰᠣᠲᠠᠶ ᠡᠳᠦᠷ ᠠᠴᠠ ᠡᠬᠢᠯᠡᠨ ᠬᠠᠮᠤᠭ ᠤᠷᠲᠤ ᠳᠠᠭᠠᠨ ᠨᠢᠭᠡ ᠵᠢᠯ ᠠᠴᠠ ᠬᠡᠲᠦᠷᠡᠭᠦᠯᠵᠦ ᠪᠣᠯᠬᠤ ᠦᠭᠡᠶ᠃    ᠦᠯᠦ ᠬᠥᠳᠡᠯᠬᠦ ᠬᠥᠷᠥᠩᠭᠡ ᠶᠢᠨ ᠳᠤᠷᠠᠳᠤᠭᠰᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ  ᠨᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠭᠰᠡᠨ ᠡᠳᠦᠷ ᠠᠴᠠ ᠡᠬᠢᠯᠡᠨ ᠬᠤᠭᠤᠴᠠᠭ᠎ᠠ ᠨᠢ ᠬᠤᠷᠢᠨ ᠵᠢᠯ ᠠᠴᠠ ᠭᠡᠳᠦᠷᠡᠭᠰᠡᠨ᠂  ᠪᠤᠰᠤᠳ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ  ᠭᠤᠶᠤᠴᠢᠯᠠᠯ  ᠨᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠭᠰᠡᠨ ᠡᠳᠦᠷ ᠠᠴᠠ ᠡᠬᠢᠯᠡᠨ ᠬᠤᠭᠤᠴᠠᠭ᠎ᠠ ᠨᠢ ᠲᠠᠪᠤᠨ ᠵᠢᠯ ᠬᠡᠲᠦᠷᠡᠭᠰᠡᠨ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠᠶᠢᠭᠤᠯᠭ᠎ᠠ ᠬᠦᠯᠢᠶᠡᠨ ᠠᠪᠴᠤ ᠰᠢᠢᠳᠪᠦᠷᠢᠯᠡᠬᠦ ᠦᠭᠡᠶ᠃ᠬᠥᠲᠥᠯᠦᠭᠴᠢ 2024 - 01-2914᠄ 05   ᠥᠨᠥᠳᠥᠷ ᠤᠨ  ᠶᠠᠷᠢᠯᠴᠠᠭ᠎ᠠ  ᠠᠳᠡ  ᠬᠦᠷᠦᠭᠡᠳ  ᠲᠡᠭᠦᠰᠬᠦ  ᠪᠣᠯᠣᠯ᠎ᠠ᠃ ᠲᠠ  ᠮᠠᠨ ᠤ  ᠥᠷᠭᠡᠨ ᠣᠯᠠᠨ  ᠰᠦᠯᠵᠢᠶᠡᠨ  ᠠᠨᠳᠠ  ᠨᠠᠷ ᠲᠤ  ᠬᠡᠳᠦᠨ  ᠦᠭᠡ  ᠭᠡᠯᠡᠵᠥ  ᠦᠨᠦᠳᠦᠷ   ᠤᠨ  ᠰᠤᠷᠪᠤᠯᠵᠢᠯᠠᠭ᠎ᠠ ᠪᠠᠨ ᠦᠨᠳᠦᠷᠯᠡᠬᠦᠯᠦᠶ᠎ᠡ ᠹᠦ᠋ ᠯᠢ ᠵᠢᠶᠠ 2024-01-2914᠄ 05   ᠬᠥᠲᠥᠯᠦᠭᠴᠢ ᠰᠠᠢᠨ︕ ᠪᠦᠬᠦᠳᠡᠭᠡᠷ‌‍ᠰᠠᠶᠢᠨ ᠤᠤ︖ ︽ᠰᠦᠯᠵᠢᠶᠡᠨ  ᠫᠷᠦᠭᠷᠡᠮ  ︾   ᠢᠶᠠᠷ ᠣᠯᠠᠨ ᠲᠠᠢ ᠲᠠᠨᠢᠯᠴᠠᠭᠰᠠᠨ ᠳᠠᠭᠠᠨ ᠲᠣᠩ ᠪᠠᠶᠠᠷᠲᠠᠢ ᠪᠠᠶᠢᠨ᠎ᠠ᠃ ᠠᠳᠡ ᠪᠢ ᠬᠠᠤᠯᠢ ᠴᠠᠭᠠᠵᠠ ᠶᠢᠨ ᠲᠣᠪᠴᠢᠶ᠎ᠠ ᠶᠢ ᠲᠥᠯᠥᠭᠡᠯᠡᠨ ᠮᠠᠨ ᠤ ᠠᠵᠢᠯ ᠢ ᠬᠠᠯᠠᠮᠵᠢᠯᠠᠨ ᠠᠩᠬᠠᠷᠴᠤ ᠳᠡᠮᠵᠢᠭᠰᠡᠭᠡᠷ ᠢᠷᠡᠭᠰᠡᠨ ᠰᠦᠯᠵᠢᠶᠡᠨ ᠠᠨᠳᠠ ᠨᠠᠷ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ᠤᠯᠠᠨ ᠢᠶᠠᠷ ᠢᠶᠠᠨ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠦᠷᠭᠦᠯᠵᠢᠯᠡᠨ ᠳᠤᠷᠠᠳᠴᠤ᠂ ᠪᠢᠳᠡᠨ  ᠤ ᠠᠵᠢᠯ ᠢᠶᠠᠨ ᠨᠡᠩ ᠰᠠᠶᠢᠲᠤᠷ  ᠪᠡᠶᠡᠯᠡᠬᠦᠯᠬᠦ ᠳᠤ  ᠬᠠᠪᠰᠤᠷᠤᠮᠵᠢ ᠪᠤᠯᠬᠤ ᠶᠢ ᠬᠦᠰᠡᠵᠥ ᠪᠠᠶᠢᠨ᠎ᠠ︕ ᠲᠠᠶᠠᠭᠠᠷ ᠲᠤ ᠲᠠᠯᠠᠷᠬᠠᠯ᠎ᠠ︕    
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号