ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠣᠯ ᠰᠣᠶᠣᠯ ᠤᠨ ᠲᠣᠮᠣ ᠬᠤᠰᠢᠭᠤ ᠪᠠᠶᠢᠵᠤ᠂ ᠪᠢᠴᠢᠭ ᠤᠨ | ᠬᠥᠮᠥᠨ᠂ ᠡᠷᠳᠡᠮᠲᠡᠨ ᠣᠯᠠᠨ ᠭᠠᠷᠴᠤ᠂ ᠣᠯᠠᠨ ᠨᠣᠮ ᠪᠢᠴᠢᠵᠡᠢ᠃ ᠲᠦᠷᠦ ᠶᠢᠨ ᠲᠤᠰᠠᠯᠠᠭᠴᠢ ᠲᠦᠰᠢᠮᠡᠯ ᠪᠤᠳᠢᠰ | ᠤᠨ ᠪᠢᠴᠢᠭᠰᠡᠨ ︽ᠱᠦᠸᠧ ᠮᠦᠸᠧ ᠶᠢᠨ ᠲᠡᠮᠳᠡᠭᠯᠡᠯ︾ ᠪᠠ ︽ᠱᠦᠸᠧ ᠮᠦᠸᠧ ᠶᠢᠨ ᠰᠢᠯᠦᠭ︾ ᠨᠢ ᠴᠢᠩ | ᠤᠯᠤᠰ ᠤᠨ ᠰᠡᠭᠦᠯᠴᠢ ᠶᠢᠨ ᠦᠶ᠎ᠡ ᠶᠢᠨ ᠤᠳᠬ᠎ᠠ ᠵᠣᠬᠢᠶᠠᠯ ᠤᠨ ᠲᠠᠪᠴᠠᠩ ᠢ ᠳᠣᠩᠰᠣᠯᠭᠠᠭᠰᠠᠨ ᠶᠤᠮ᠃ | ᠬᠡᠰᠢᠩᠭᠡ ᠪᠣᠯ ᠢᠷᠭᠡᠨ ᠤᠯᠤᠰ ᠤᠨ ᠰᠢᠯᠭᠠᠷᠠᠭᠰᠠᠨ ᠨᠠᠶᠢᠷᠠᠭᠤᠯᠤᠭᠴᠢ ᠤᠷᠴᠢᠭᠤᠯᠤᠭᠴᠢ ᠬᠡᠪᠯᠡᠯ ᠤᠨ ᠡᠷᠳᠡᠮᠲᠡᠨ᠂ | ᠰᠤᠷᠭᠠᠨ ᠬᠥᠮᠦᠵᠢᠯ ᠤᠨ ᠡᠷᠳᠡᠮᠲᠡᠨ᠂ ᠤᠳᠬ᠎ᠠ ᠵᠣᠬᠢᠶᠠᠯᠴᠢ᠂ ᠣᠷᠴᠢᠭᠤᠯᠤᠭᠴᠢ᠂ ᠬᠡᠯᠡᠨ ᠤ ᠡᠷᠳᠡᠮᠲᠡᠨ ᠶᠤᠮ᠂ | ᠪᠢᠩᠳᠤ ᠬᠤᠰᠢᠭᠤᠨ ᠤ ᠬᠥᠮᠥᠨ᠂ ᠴᠢᠯᠠᠭᠤᠲᠤ ᠳᠤ ᠰᠠᠭᠤᠵᠤ ᠥᠩᠭᠡᠷᠡᠵᠡᠢ᠃ ︽ᠳᠥᠴᠢᠨ ᠵᠢᠯ ᠤᠨ ᠡᠳᠦᠷ ᠤᠨ | ᠲᠡᠮᠳᠡᠭᠯᠡᠯ︾᠂ ︽ᠪᠠᠢ ᠶᠤᠸᠠᠨ ᠤ ᠰᠤᠯᠠ ᠲᠡᠮᠳᠡᠭᠯᠡᠯ︾ ᠵᠡᠷᠭᠡ ᠨᠣᠮ ᠨᠢ ᠮᠠᠨ ᠤ ᠤᠯᠤᠰ ᠤᠨ ᠣᠷᠴᠢᠨ ᠦᠶ᠎ᠡ | ᠶᠢᠨ ᠰᠣᠶᠣᠯ᠂ ᠤᠳᠬ᠎ᠠ ᠵᠣᠬᠢᠶᠠᠯ ᠤᠨ ᠲᠡᠦᠬᠡᠨ ᠳᠤ ᠵᠣᠬᠢᠬᠤ ᠪᠠᠶᠢᠷᠢ ᠰᠠᠭᠤᠷᠢ ᠲᠠᠢ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠳᠤ ᠤᠷᠢᠳ ᠬᠤᠵᠢᠳ 260 ᠭᠠᠷᠤᠢ ᠪᠢᠴᠢᠭ ᠤᠨ ᠬᠥᠮᠥᠨ ᠴᠤᠯᠭᠤᠷᠠᠵᠤ᠂ 700 ᠭᠠᠷᠤᠢ ᠨᠣᠮ | ᠪᠢᠴᠢᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠴᠡᠴᠡᠭᠯᠡᠯᠲᠡ᠂ ᠤᠳᠬ᠎ᠠ ᠵᠣᠬᠢᠶᠠᠯ ᠤᠨ ᠬᠥᠭᠵᠢᠯᠲᠡ ᠳᠤ | ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ | 2018 ᠣᠨ ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠲᠡᠦᠬᠡ ᠰᠣᠶᠣᠯ ᠤᠨ ᠰᠤᠳᠤᠯᠭᠠᠨ ᠤ ᠨᠡᠶᠢᠭᠡᠮᠯᠢᠭ ᠪᠠᠶᠢᠭᠤᠯᠵᠤ᠂ ᠨᠢᠭᠡ ᠳᠤ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠲᠡᠦᠬᠡ ᠶᠢ ᠨᠠᠶᠢᠷᠠᠭᠤᠯᠤᠨ ᠪᠢᠴᠢᠬᠦ ᠠᠵᠢᠯ ᠢ ᠵᠣᠬᠢᠶᠠᠨ ᠪᠠᠶᠢᠭᠤᠯᠪᠠ᠂ | ᠬᠤᠶᠠᠷ ᠲᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠥᠨ ᠤ ᠪᠢᠴᠢᠭᠰᠡᠨ ᠪᠠ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠠᠭᠤᠯᠭ᠎ᠠ ᠶᠢᠨ ᠲᠤᠬᠠᠢ ᠭᠠᠳᠠᠭᠠᠳᠤ ᠶᠢᠨ ᠬᠥᠮᠥᠨ ᠤ ᠪᠢᠴᠢᠭᠰᠡᠨ ᠥᠩᠭᠡᠷᠡᠭᠰᠡᠨ ᠤ | ᠨᠣᠮ ᠢ ᠴᠤᠭᠯᠠᠭᠤᠯᠬᠤ ᠠᠵᠢᠯ ᠢ ᠵᠣᠬᠢᠶᠠᠨ ᠪᠠᠶᠢᠭᠤᠯᠪᠠ᠃ 2023 ᠣᠨ ᠤ 5 ᠰᠠᠷ᠎ᠠ ᠪᠣᠯᠲᠠᠯ᠎ᠠ᠂ ᠨᠢᠭᠡᠨᠲᠡ 38 | ᠨᠣᠮ ᠨᠠᠶᠢᠷᠠᠭᠤᠯᠤᠨ ᠪᠢᠴᠢᠵᠦ᠂ 17 ᠨᠣᠮ ᠬᠡᠪᠯᠡᠵᠦ᠂ 290 ᠨᠣᠮ ᠴᠤᠭᠯᠠᠭᠤᠯᠪᠠ᠃ | | |