ᠴᠠᠬᠢᠯᠭᠠᠨ ᠬᠥᠳᠡᠯᠭᠡᠭᠦᠷᠲᠦ ᠲᠡᠷᠭᠡᠨ ᠤ ᠠᠶᠤᠯᠭᠦᠢ ᠬᠡᠷᠡᠭᠯᠡᠯᠲᠡ ᠶᠢᠨ ᠵᠦᠭᠯᠡᠭᠦᠷ
ᠨᠡᠶᠢᠲᠡᠯᠡᠭᠰᠡᠨ ᠴᠠᠭ᠄
2024/2/29
   ᠨᠢᠭᠡ᠂ ᠬᠢᠷᠢ ᠲᠡᠩᠴᠡᠬᠦ ᠦᠭᠡᠢ ᠦᠢᠯᠡᠳᠬᠦᠨ ᠢ ᠬᠤᠳᠠᠯᠳᠤᠨ ᠠᠪᠴᠤ ᠪᠣᠯᠬᠤ ᠦᠭᠡᠢ
 
   ᠵᠠᠪᠠᠯ ᠵᠢᠩᠬᠢᠨᠢ ᠬᠢᠷᠢ ᠲᠡᠩᠴᠡᠭᠰᠡᠨ ᠴᠠᠬᠢᠯᠭᠠᠨ ᠬᠥᠳᠡᠯᠭᠡᠭᠦᠷᠲᠦ ᠲᠡᠷᠭᠡ ᠪᠣᠯᠣᠨ ᠰᠡᠯᠪᠢᠭ ᠲᠣᠨᠤᠭ ᠢ ᠰᠣᠩᠭᠤᠵᠤ ᠬᠤᠳᠠᠯᠳᠤᠨ ᠠᠪᠬᠤ ᠬᠡᠷᠡᠭᠲᠡᠢ᠃ ᠬᠢᠷᠢ ᠲᠡᠩᠴᠡᠬᠦ ᠦᠭᠡᠢ ᠴᠠᠬᠢᠯᠭᠠᠨ ᠬᠥᠳᠡᠯᠭᠡᠭᠦᠷᠲᠦ ᠲᠡᠷᠭᠡ᠂ ᠳ᠋ᠢᠶᠠᠨ ᡂᠢ᠂ ᠴᠠᠬᠢᠯᠭᠠᠨ ᠤᠲᠠᠰᠤ᠂ ᠴᠡᠨᠡᠭᠯᠡᠭᠦᠷ ᠨᠢ ᠭᠠᠯ ᠤᠨ ᠠᠶᠤᠯ ᠤᠨ ᠲᠦᠭᠰᠢᠭᠦᠷᠢ ᠶᠢ ᠨᠡᠮᠡᠭᠳᠡᠭᠦᠯᠳᠡᠭ᠃     ᠬᠤᠶᠠᠷ᠂ ᠣᠷᠣᠨ ᠰᠠᠭᠤᠴᠠ ᠶᠢᠨ ᠳᠣᠲᠣᠷ᠎ᠠ ᠴᠠᠬᠢᠯᠭᠠᠨ ᠴᠡᠨᠡᠭᠯᠡᠵᠦ ᠪᠣᠯᠬᠤ ᠦᠭᠡᠢ
 
    ᠤᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠨ ᠶᠠᠪᠤᠭᠤᠯᠬᠤ ᠵᠠᠮ᠂ ᠠᠰᠠᠷ ᠤᠨ ᠱᠠᠲᠤᠨ ᠤ ᠬᠤᠭᠤᠷᠣᠨᠳᠤ᠂ ᠠᠶᠤᠯ ᠦᠭᠡᠢ ᠭᠠᠷᠬᠤ ᠡᠭᠦᠳᠡᠨ ᠳᠤ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠬᠤ ᠪᠤᠶᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠢᠩᠭ᠎ᠠ ᠴᠠᠭᠠᠵᠠᠯᠠᠨ᠎ᠠ᠃ ᠤᠷᠤᠨ ᠰᠠᠭᠤᠴᠠ ᠲᠤᠳᠤᠷ᠎ᠠ ᠴᠠᠬᠢᠯᠭᠠᠨ ᠴᠡᠨᠡᠭᠯᠡᠪᠡᠯ ᠭᠠᠯ ᠭᠠᠷᠤᠮᠠᠭᠴᠠ ᠠᠮᠢ ᠵᠢᠭᠤᠲᠠᠬᠤ ᠵᠠᠮ ᠢ ᠲᠠᠰᠤᠯᠵᠤ᠂ ᠬᠥᠮᠥᠨ ᠬᠠᠷ᠎ᠠ ᠠᠮᠠᠷᠬᠠᠨ ᠦᠬᠦᠵᠦ ᠰᠢᠷᠬᠠᠲᠤᠳᠠᠭ᠃ ᠨᠡᠩ ᠴᠤ ᠳ᠋ᠢᠶᠠᠨ ᡂᠢ ᠶᠢ ᠭᠡᠷ ᠲᠡᠭᠡᠨ ᠠᠪᠠᠴᠢᠵᠤ ᠴᠡᠨᠡᠭᠯᠡᠵᠦ ᠪᠣᠯᠬᠤ ᠦᠭᠡᠢ᠃     ᠭᠤᠷᠪᠠ᠂ ᠨᠢᠰᠦᠭᠡ ᠤᠲᠠᠰᠤ ᠪᠠᠷ ᠴᠠᠬᠢᠯᠭᠠᠨ ᠴᠡᠨᠡᠭᠯᠡᠵᠦ ᠪᠣᠯᠬᠤ ᠦᠭᠡᠢ
 
    ᠵᠠᠮ ᠱᠤᠭᠤᠮ ᠤᠨ ᠡᠯᠡᠭᠳᠡᠯ᠂ ᠬᠠᠭᠤᠴᠢᠷᠠᠯ᠂ ᠲᠤᠶᠢᠯ ᠤᠨ ᠴᠠᠭ ᠠᠭᠤᠷ ᠵᠡᠷᠭᠡ ᠪᠠᠶᠢᠳᠠᠯ ᠳᠤ ᠠᠮᠠᠷᠬᠠᠨ ᠭᠠᠯ ᠤᠨ ᠠᠶᠤᠯ ᠡᠭᠦᠰᠬᠡᠳᠡᠭ᠃     ᠲᠦᠷᠪᠡ᠂ ᠨᠣᠴᠣᠮᠠᠲᠠᠭᠠᠢ ᠪᠣᠳᠠᠰ ᠤᠨ ᠣᠶᠢᠷᠠᠯᠴᠠᠭ᠎ᠠ ᠴᠠᠬᠢᠯᠭᠠᠨ ᠴᠡᠨᠡᠭᠯᠡᠵᠦ ᠪᠣᠯᠬᠤ ᠦᠭᠡᠢ
 
    ᠴᠠᠬᠢᠯᠭᠠᠨ ᠬᠥᠳᠡᠯᠭᠡᠭᠦᠷᠲᠦ ᠲᠡᠷᠭᠡ ᠳᠤ ᠴᠠᠬᠢᠯᠭᠠᠨ ᠴᠡᠨᠡᠭᠯᠡᠬᠦ ᠳᠡᠭᠡᠨ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠠᠴᠠ ᠬᠤᠯᠠ ᠵᠠᠶᠢᠳᠠᠭᠤ ᠪᠠᠶᠢᠯᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠭᠠᠯ ᠭᠠᠷᠤᠭᠰᠠᠨ ᠤ ᠳᠠᠷᠠᠭ᠎ᠠ ᠪᠤᠰᠤᠳ ᠵᠦᠢᠯ ᠳᠤ ᠭᠠᠯ ᠵᠤᠯᠭᠠᠯᠳᠤᠨ ᠨᠤᠴᠤᠵᠤ᠂ ᠨᠡᠩ ᠶᠡᠭᠡ ᠠᠳᠡᠯ ᠭᠠᠷᠬᠤ ᠠᠴᠠ ᠰᠡᠷᠭᠡᠶᠢᠯᠡᠬᠦ ᠶᠢᠨ ᠲᠥᠯᠥᠭᠡ᠂ ᠴᠠᠬᠢᠯᠭᠠᠨ ᠬᠥᠳᠡᠯᠭᠡᠭᠦᠷᠲᠦ ᠲᠡᠷᠭᠡ ᠳᠤ ᠴᠠᠬᠢᠯᠭᠠᠨ ᠴᠡᠨᠡᠭᠯᠡᠬᠦ ᠳᠡᠭᠡᠨ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠠᠴᠠ ᠬᠤᠯᠠ ᠪᠠᠶᠢᠯᠭᠠᠬᠤ ᠬᠡᠷᠡᠭᠲᠡᠢ᠃      ᠲᠠᠪᠤ᠂ ᠪᠦᠬᠦᠯᠢ ᠰᠥᠨᠢ ᠪᠠᠷ ᠴᠠᠬᠢᠯᠭᠠᠨ ᠴᠡᠨᠡᠭᠯᠡᠵᠦ ᠪᠣᠯᠬᠤ ᠦᠭᠡᠢ
 
     ᠪᠦᠬᠦᠯᠢ ᠰᠥᠨᠢ ᠪᠠᠷ ᠴᠠᠬᠢᠯᠭᠠᠨ ᠴᠡᠨᠡᠭᠯᠡᠭᠰᠡᠨ ᠪᠥᠭᠡᠳ ᠬᠠᠷᠠᠵᠤ ᠬᠠᠮᠢᠶᠠᠷᠬᠤ ᠬᠥᠮᠥᠨ ᠦᠭᠡᠢ᠂ ᠳ᠋ᠢᠶᠠᠨ ᡂᠢ ᠂ ᠴᠠᠬᠢᠯᠭᠠᠨ ᠤᠲᠠᠰᠤ ᠵᠡᠷᠭᠡ ᠳᠤ ᠠᠰᠠᠭᠤᠳᠠᠯ ᠭᠠᠷᠪᠠᠯ ᠲᠤᠶᠢᠯ ᠤᠨ ᠠᠮᠠᠷᠬᠠᠨ ᠭᠠᠯ ᠤᠨ ᠠᠶᠤᠯ ᠭᠠᠷᠤᠨ᠎ᠠ᠃ ᠠᠯᠢ ᠴᠢᠳᠠᠬᠤ ᠪᠠᠷ ᠡᠳᠦᠷ ᠢᠶᠠᠷ ᠴᠠᠬᠢᠯᠭᠠᠨ ᠴᠡᠨᠡᠭᠯᠡᠵᠦ᠂ ᠴᠠᠬᠢᠯᠭᠠᠨ ᠴᠡᠨᠡᠭᠯᠡᠵᠦ ᠲᠦᠬᠦᠷᠪᠡᠯ ᠴᠠᠭ ᠲᠤᠬᠠᠢ ᠳᠤᠨᠢ ᠴᠠᠬᠢᠯᠭᠠᠨ ᠢ ᠰᠠᠯᠭᠠᠬᠤ ᠬᠡᠷᠡᠭᠳᠡᠢ᠃     ᠵᠢᠷᠭᠤᠭ᠎ᠠ᠂  ᠲᠤᠳᠤᠷ᠎ᠠ ᠨᠢ ᠤᠰᠤ ᠤᠷᠤᠭᠤᠯᠵᠤ ᠪᠤᠯᠬᠤ ᠦᠭᠡᠢ
 
    ᠴᠠᠬᠢᠯᠭᠠᠨ ᠬᠥᠳᠡᠯᠭᠡᠭᠦᠷᠲᠦ ᠲᠡᠷᠭᠡᠨ ᠤ ᠳᠣᠲᠣᠭᠠᠳᠤ ᠳᠤ ᠤᠰᠤ ᠣᠷᠣᠮᠠᠭᠴᠠ ᠳᠥᠲᠡᠯᠡᠯ ᠡᠭᠦᠰᠴᠦ ᠮᠡᠳᠡᠨ᠎ᠡ᠂ ᠡᠭᠦᠨ ᠤ ᠤᠯᠠᠮ ᠠᠴᠠ ᠮᠠᠰᠢᠨ ᠲᠡᠷᠭᠡ ᠥᠪᠡᠰᠦᠪᠡᠨ ᠨᠣᠴᠣᠬᠤ ᠵᠡᠷᠭᠡ ᠠᠳᠡᠯ ᠭᠠᠷᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号