ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ︽ᠦᠨᠳᠦᠰᠦᠨ ᠱᠠᠲᠤᠨ ᠤ ᠤᠳᠬ᠎ᠠ ᠤᠷᠠᠯᠢᠭ ᠤᠨ ᠤᠬᠠᠭᠤᠯᠭ᠎ᠠ ᠶᠢᠨ ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠢ ᠬᠦᠷᠳᠡᠪᠡ
ᠨᠡᠶᠢᠲᠡᠯᠡᠭᠰᠡᠨ ᠴᠠᠭ᠄
2024/3/1
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠶᠢᠰᠦᠳᠦᠭᠡᠷ ᠬᠤᠭᠤᠴᠠᠭᠠᠨ ᠤ ᠪᠥᠬᠦ ᠭᠡᠰᠢᠭᠦᠳ ᠤᠨ ᠬᠤᠷᠠᠯ ᠤᠨ ᠬᠤᠶᠠᠳᠤᠭᠠᠷ ︵ᠥᠷᠭᠡᠳᠬᠡᠭᠰᠡᠨ︶ ᠬᠤᠷᠠᠯ 1ᠰᠠᠷ᠎ᠠ ᠶᠢᠨ 25 ᠤ ᠡᠳᠦᠷ ᠬᠥᠬᠡᠬᠤᠲᠠ ᠳᠤ ᠬᠤᠷᠠᠯᠳᠤᠪᠠ᠃    ᠬᠤᠷᠠᠯ ᠠᠴᠠ ᠪᠥᠬᠦ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠰᠢᠰᠲ᠋ᠧᠮ ᠤᠨ ᠬᠢᠨ ᠤ ᠬᠥᠬᠡᠬᠤᠲᠠ ᠶᠢᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠠᠬᠢᠭᠤᠯᠵᠤ᠂ ᠪᠥᠬᠦ ᠣᠷᠣᠨ ᠤ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠤᠳᠬ᠎ᠠ ᠤᠷᠠᠯᠢᠭ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ︽ᠤᠮᠠᠷᠠᠲᠤ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠡᠭᠦᠳᠬᠦ ᠶᠢᠨ ᠲᠥᠯᠥᠭᠡ᠂ ᠥᠪᠥᠷ ᠮᠣᠩᠭᠤᠯ ᠤᠨ ᠤᠳᠬ᠎ᠠ ᠤᠷᠠᠯᠢᠭ ᠤᠨ  ᠬᠢᠨ ᠤ ᠬᠤᠯᠪᠣᠭ᠎ᠠ ᠶᠢᠨ ᠬᠢᠨ ᠬᠦᠬᠡᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ 25 ᠨᠢᠭᠡᠴᠡ ᠳᠤ ︽ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠤᠳᠬ᠎ᠠ ᠤᠷᠠᠯᠢᠭ ᠤᠨ ᠤᠬᠠᠭᠤᠯᠭ᠎ᠠ ᠶᠢᠨ ᠲᠡᠷᠢᠭᠦᠨ ᠤ ᠬᠠᠮᠲᠤ︾ ᠴᠣᠯᠠ ᠣᠯᠭᠤᠬᠤ ᠪᠠᠷ ᠲᠣᠭᠲᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠡᠨᠡᠬᠦ ᠢᠷᠠᠭᠤ ᠠᠯᠳᠡᠷ ᠢ ᠬᠦᠷᠳᠡᠭᠰᠡᠨ ᠪᠠᠶᠢᠨ᠎ᠠ᠃
 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号