2024 ᠣᠨ ᠤ ᠤᠯᠤᠰ ᠤᠨ ᠳᠣᠲᠣᠭᠠᠳᠤ ᠶᠢᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠢᠵᠢᠭᠯᠡᠨ | ᠬᠤᠳᠠᠯᠳᠤᠬᠤ ᠦᠨ᠎ᠡ ᠶᠢᠨ ︽5 ᠳ᠋ᠤᠭᠠᠷ ᠤᠳᠠᠭ᠎ᠠ︾ ᠶᠢᠨ ᠲᠣᠬᠢᠷᠠᠭᠤᠯᠤᠯᠲᠠ ᠶᠢ 3 ᠰᠠᠷ᠎ᠠ ᠶᠢᠨ ᠡᠬᠢ ᠪᠠᠷ | ᠡᠬᠢᠯᠡᠭᠦᠯᠬᠦ ᠪᠠᠷ ᠪᠣᠶ᠂ ᠲᠣᠰ ᠵᠢᠯ ᠤᠨ ᠲᠣᠰᠣᠨ ᠤ ᠦᠨ᠎ᠡ ᠨᠢᠭᠡᠨᠲᠡ ︽2 ᠤᠳᠠᠭ᠎ᠠ ᠥᠰᠴᠦ᠂ 1 ᠤᠳᠠᠭ᠎ᠠ | ᠵᠣᠭᠰᠣᠩᠭᠢᠷᠠᠵᠤ᠂ 1 ᠤᠳᠠᠭ᠎ᠠ ᠪᠠᠭᠤᠷᠠᠪᠠ︾᠃ ᠣᠶᠢᠷ᠎ᠠ ᠶᠢᠨ ᠬᠤᠶᠠᠷ ᠡᠳᠦᠷ ᠲᠤ ᠣᠯᠠᠨ ᠤᠯᠤᠰ ᠤᠨ | ᠲᠣᠰᠣᠨ ᠤ ᠦᠨ᠎ᠡ ᠪᠠᠰᠠ ᠥᠰᠦᠭᠰᠡᠨ ᠪᠣᠯᠬᠤᠷ ᠲᠣᠰᠣᠨ ᠤ ᠦᠨ᠎ᠡ ᠰᠡᠭᠦᠯᠴᠢ ᠶᠢᠨ ᠬᠤᠭᠤᠴᠠᠭᠠᠨ ᠳᠤ | ᠦᠷᠭᠦᠯᠵᠢᠯᠡᠨ ᠦᠰᠬᠦ ᠪᠣᠯᠣᠨ᠎ᠠ ᠭᠡᠵᠦ ᠵᠢᠱᠢᠵᠦ ᠪᠠᠶᠢᠨ᠎ᠠ᠃ | 2 ᠰᠠᠷ᠎ᠠ ᠶᠢᠨ 26 ᠤ ᠡᠳᠦᠷ᠂ ᠤᠯᠤᠰ ᠤᠨ ᠳᠣᠲᠣᠭᠠᠳᠤ ᠶᠢᠨ 5 ᠳ᠋ᠤᠭᠠᠷ ᠠᠵᠢᠯ ᠤᠨ ᠡᠳᠦᠷ ᠲᠤ ᠲᠦᠭᠦᠬᠡᠢ | ᠴᠢᠯᠠᠭᠤᠨ ᠲᠣᠰᠣᠨ ᠤ ᠬᠤᠪᠢᠷᠠᠯᠲᠠ ᠶᠢᠨ ᠨᠣᠷᠮ᠎ᠠ ᠶᠢ 2.90% ᠪᠠᠷ ᠯᠠᠪᠯᠠᠯᠲᠠ ᠪᠣᠯᠭᠠᠵᠤ᠂ ᠵᠢᠱᠢᠯᠲᠡ ᠪᠠᠷ ᠴᠢᠶ᠋ᠢᠦ | ᠴᠠᠶᠢᠶ᠋ᠢᠦ ᠲᠣᠰᠣ ᠶᠢ ᠲᠣᠨ ᠪᠦᠷᠢ ᠳᠡᠭᠡᠨ 125 ᠲᠥᠭᠦᠷᠢᠭ ᠥᠰᠬᠡᠨ᠎ᠡ᠂ ᠡᠭᠦᠨ ᠢᠶᠠᠷ ᠨᠤᠭᠤᠯᠤᠨ ᠪᠤᠳᠤᠪᠠᠯ 0. | 10 ︱ 0.11 ᠲᠥᠭᠦᠷᠢᠭ\ ᠯᠢᠲᠷ ᠪᠣᠯᠣᠨ᠎ᠠ᠂ 50 ᠯᠢᠲᠷ ᠲᠤᠰᠤ ᠨᠡᠮᠡᠬᠦ ᠪᠦᠷᠢ 5 ︱ 5.5 ᠲᠥᠭᠦᠷᠢᠭ | ᠢᠯᠡᠭᠦᠦ ᠵᠠᠷᠤᠴᠠᠭᠤᠯᠤᠨ᠎ᠠ᠂ ᠦᠨ᠎ᠡ ᠲᠣᠬᠢᠷᠠᠭᠤᠯᠬᠤ ᠴᠣᠩᠬᠤ 3 ᠰᠠᠷ᠎ᠠ ᠶᠢᠨ 4 ᠤ ᠡᠳᠦᠷ ᠤᠨ 24 ᠴᠠᠭ ᠲᠤ | ᠦᠨ᠎ᠡ ᠲᠣᠬᠢᠷᠠᠭᠤᠯᠬᠤ ᠪᠣᠯᠣᠨ᠎ᠠ᠃ ︵ᠳᠡᠭᠡᠷᠡᠬᠢ ᠥᠰᠦᠯᠲᠡ ᠪᠠᠭᠤᠷᠠᠯᠲᠠ ᠶᠢᠨ ᠬᠠᠨᠳᠤᠰᠢ ᠶᠢ ᠵᠥᠪᠬᠡᠨ ᠯᠠᠪᠯᠠᠯᠲᠠ | ᠪᠣᠯᠭᠠᠨ᠎ᠠ᠂ ᠬᠠᠮᠤᠭ ᠡᠴᠦᠰ ᠤᠨ ᠦᠨ᠎ᠡ ᠬᠠᠩᠰᠢ ᠶᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ 3 | ᠰᠠᠷ᠎ᠠ ᠶᠢᠨ 4 ᠤ ᠡᠳᠦᠷ ᠤᠨ ᠨᠡᠶᠢᠳᠡᠯᠡᠯ ᠢᠶᠠᠷ ᠪᠠᠷᠢᠮᠵᠢᠶ᠎ᠠ ᠪᠣᠯᠭᠠᠨ᠎ᠠ︶ | | |