ᠤᠯᠠᠭᠠᠨ ᠴᠢᠪᠠᠭ᠎ᠠ᠂ ᠪᠤᠷᠠᠮ ᠦᠨᠡᠬᠡᠷ ᠴᠢᠰᠤ ᠨᠥᠬᠦᠬᠦ ᠤᠤ︖
ᠨᠡᠶᠢᠲᠡᠯᠡᠭᠰᠡᠨ ᠴᠠᠭ᠄
2024/3/1
   ᠤᠯᠠᠭᠠᠨ ᠴᠢᠪᠠᠭ᠎ᠠ ᠪᠠ ᠪᠤᠷᠠᠮ ᠢ ᠤᠷᠲᠤ ᠬᠤᠭᠤᠴᠠᠭᠠᠨ ᠤ ᠲᠤᠷᠰᠢ ᠤᠯᠠᠮᠵᠢᠯᠠᠯᠲᠤ ᠦᠵᠡᠯᠲᠡ ᠪᠠᠷ ᠴᠢᠰᠤ ᠨᠥᠬᠦᠬᠦ ᠣᠬᠢ ᠪᠦᠲᠦᠭᠡᠭᠳᠡᠬᠦᠨ ᠭᠡᠵᠦ ᠦᠵᠡᠳᠡᠭ ᠪᠣᠯᠪᠠᠴᠤ ᠰᠢᠮ᠎ᠡ ᠲᠡᠵᠢᠭᠡᠯ ᠢ ᠨᠢ ᠭᠦᠨᠵᠡᠭᠡᠢ ᠣᠶᠢᠯᠠᠭᠠᠪᠠᠯ ᠡᠶᠢᠮᠦᠷᠬᠦᠦ ᠲᠠᠨᠢᠯᠲᠠ ᠨᠢ ᠪᠦᠷᠢᠮᠦᠰᠦᠨ ᠣᠨᠣᠪᠴᠢᠲᠠᠶ ᠪᠢᠰᠢ ᠭᠡᠳᠡᠭ ᠢ ᠮᠡᠳᠡᠵᠦ ᠪᠣᠯᠣᠨ᠎ᠠ᠃
 
         ᠤᠯᠠᠭᠠᠨ ᠴᠢᠪᠠᠭ᠎ᠠ ᠳᠤ ᠸᠢᠲ᠋ᠠᠮᠢᠨ C᠂ ᠸᠢᠲ᠋ᠠᠮᠢᠨ E ᠵᠢᠴᠢ ᠡᠯ᠎ᠡ ᠵᠦᠢᠯ ᠤᠨ ᠪᠢᠴᠢᠯ ᠡᠯᠧᠮᠧᠨ᠋ᠲ ᠡᠯᠪᠡᠭ ᠠᠭᠤᠯᠤᠭᠳᠠᠵᠤ᠂ ᠪᠡᠶ᠎ᠡ ᠶᠢᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠪᠠ ᠡᠷᠡᠭᠦᠯ ᠴᠢᠭᠢᠷᠠᠭ ᠢ ᠠᠬᠢᠭᠤᠯᠬᠤ ᠳᠤ ᠵᠣᠬᠢᠬᠤ ᠦᠢᠯᠡᠳᠦᠯ ᠲᠠᠢ ᠪᠠᠶᠢᠳᠠᠭ᠃ ᠭᠡᠲᠡᠯ᠎ᠡ ᠴᠢᠰᠤ ᠨᠥᠬᠦᠬᠦ ᠶᠢᠨ ᠵᠠᠩᠭᠢᠯᠠᠭ᠎ᠠ ᠨᠢ ᠲᠡᠮᠦᠷ ᠤᠨ ᠠᠭᠤᠯᠤᠭᠳᠠᠴᠠ ᠳᠤ ᠪᠠᠶᠢᠬᠤ ᠪᠥᠭᠡᠳ ᠤᠯᠠᠭᠠᠨ ᠴᠢᠪᠠᠭ᠎ᠠ ᠶᠢᠨ ᠳᠣᠲᠣᠷᠠᠬᠢ ᠲᠡᠮᠦᠷ ᠤᠨ ᠠᠭᠤᠯᠤᠭᠳᠠᠴᠠ ᠨᠢ ᠬᠠᠷᠢᠴᠠᠩᠭᠤᠢ ᠪᠠᠷ ᠨᠡᠯᠢᠶᠡᠳ ᠳᠣᠣᠷ᠎ᠠ ᠪᠠᠶᠢᠳᠠᠭ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠂ 100 ᠭᠷᠡᠮ ᠤᠯᠠᠭᠠᠨ ᠴᠢᠪᠠᠭ᠎ᠠ ᠳᠣᠲᠣᠷᠠᠬᠢ ᠲᠡᠮᠦᠷ ᠤᠨ ᠠᠭᠤᠯᠤᠭᠳᠠᠴᠠ ᠨᠢ ᠵᠥᠪᠬᠡᠨ 1.8 ᠮᠢᠯᠢᠭᠷᠡᠮ ᠪᠠᠶᠢᠬᠤ ᠳᠤ᠂ ᠨᠠᠰᠤᠨ ᠳᠤ ᠭᠦᠷᠦᠭᠰᠡᠳ ᠤᠨ ᠡᠳᠦᠷ ᠪᠦᠷᠢ ᠶᠢᠨ ᠬᠡᠷᠡᠭᠰᠡᠬᠦ ᠲᠡᠮᠦᠷ ᠤᠨ ᠬᠡᠮᠵᠢᠶ᠎ᠡ ᠨᠢ 8 ︱ 18 ᠮᠢᠯᠢᠭᠷᠡᠮ ᠪᠠᠶᠢᠳᠠᠭ᠂ ᠡᠨᠡ  ᠨᠢ ᠤᠯᠠᠭᠠᠨ ᠴᠢᠪᠠᠭ᠎ᠠ ᠢᠳᠡᠬᠦ ᠪᠠᠷ ᠳᠡᠮᠵᠢᠨ ᠴᠢᠰᠤ ᠨᠥᠬᠦᠬᠦ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠭᠡᠳᠡᠭ ᠢ ᠬᠠᠷᠠᠭᠤᠯᠵᠤ ᠪᠠᠶᠢᠨ᠎ᠠ᠃     ᠪᠤᠷᠠᠮ ᠪᠣᠯ ᠪᠣᠯᠪᠠᠰᠤᠷᠠᠭᠤᠯᠬᠤ ᠶᠠᠪᠤᠴᠠ ᠳᠤ ᠨᠠᠷᠢᠯᠢᠭ ᠪᠣᠯᠪᠠᠰᠤᠷᠠᠭᠤᠯᠤᠭᠰᠠᠨ ᠢᠶᠠᠷ ᠨᠡᠯᠢᠶᠡᠳ ᠲᠤᠳᠠᠭᠤ ᠰᠢᠬᠢᠷ ᠤᠨ ᠲᠥᠷᠥᠯ ᠤᠨ ᠪᠦᠲᠦᠭᠡᠭᠳᠡᠬᠦᠨ ᠪᠠᠶᠢᠵᠤ᠂ ᠨᠢᠭᠡ ᠪᠦᠯᠦᠭ ᠡᠷᠦᠳᠡᠰᠦᠨ ᠪᠣᠳᠠᠰ ᠪᠠ ᠪᠢᠴᠢᠯ ᠡᠯᠧᠮᠧᠨ᠋ᠲ ᠢ ᠬᠠᠳᠠᠭᠠᠯᠠᠵᠠᠢ᠂ ᠡᠭᠦᠨ ᠳᠤ ᠲᠡᠮᠦᠷ ᠢ ᠪᠠᠭᠲᠠᠭᠠᠨ᠎ᠠ᠃ ᠭᠡᠪᠡᠴᠦ ᠡᠭᠦᠨ ᠲᠠᠢ ᠠᠳᠠᠯᠢ ᠪᠠᠷ᠂ ᠪᠤᠷᠠᠮ ᠳᠣᠲᠣᠷᠠᠬᠢ ᠲᠡᠮᠦᠷ ᠤᠨ ᠠᠭᠤᠯᠤᠭᠳᠠᠴᠠ ᠨᠢ ᠡᠳᠦᠷ ᠲᠤᠳᠤᠮ ᠤᠨ ᠬᠡᠷᠡᠭᠴᠡᠭᠡ ᠶᠢ ᠭᠦᠢᠴᠡᠳ ᠨᠥᠬᠦᠪᠦᠷᠢᠯᠡᠵᠦ ᠳᠡᠶᠢᠯᠬᠦ ᠦᠭᠡᠢ ᠶᠤᠮ᠃ ᠦᠨᠡᠨ ᠳᠡᠭᠡᠨ ᠪᠤᠷᠠᠮ ᠤᠨ 100 ᠭᠷᠡᠮ ᠪᠦᠷᠢ ᠶᠢᠨ ᠲᠡᠮᠦᠷ ᠤᠨ ᠠᠭᠤᠯᠤᠭᠳᠠᠴᠠ ᠨᠢ ᠪᠠᠷᠤᠭ 9 ᠮᠢᠯᠢᠭᠷᠡᠮ ᠪᠠᠶᠢᠳᠠᠭ᠂ ᠭᠡᠪᠡᠴᠦ ᠰᠢᠬᠢᠷ ᠤᠨ ᠵᠦᠢᠯ ᠢ ᠰᠢᠩᠭᠡᠬᠡᠨ ᠠᠪᠬᠤ ᠬᠡᠮᠵᠢᠶ᠎ᠡ ᠶᠢ ᠬᠢᠵᠠᠭᠠᠷᠯᠠᠪᠠᠯ ᠵᠣᠬᠢᠨ᠎ᠠ᠂ ᠪᠤᠷᠠᠮ ᠢᠶᠠᠷ ᠳᠠᠮᠵᠢᠨ ᠲᠡᠮᠦᠷ ᠨᠥᠬᠦᠪᠦᠷᠢᠯᠡᠬᠦ ᠨᠢ ᠪᠣᠳᠠᠲᠠᠢ ᠶᠠᠪᠤᠳᠠᠯ ᠪᠢᠰᠢ ᠶᠤᠮ᠃     ᠠᠩᠬᠠᠷᠤᠭᠤᠰᠢᠲᠠᠢ ᠨᠢ᠂ ᠲᠡᠮᠦᠷ ᠤᠨ ᠰᠢᠩᠭᠡᠭᠡᠯᠲᠡ ᠨᠢ ᠪᠠᠰᠠ ᠪᠤᠰᠤᠳ ᠡᠯᠧᠮᠧᠨ᠋ᠲ ᠤᠨ ᠨᠥᠯᠥᠭᠡ ᠶᠢ ᠬᠦᠷᠳᠡᠳᠡᠭ᠃ ᠵᠢᠱᠢᠶᠡᠯᠡᠪᠡᠯ᠂ ᠸᠢᠲ᠋ᠠᠮᠢᠨC ᠨᠢ ᠲᠡᠮᠦᠷ ᠤᠨ ᠰᠢᠩᠭᠡᠭᠡᠯᠲᠡ ᠶᠢ ᠠᠬᠢᠭᠤᠯᠵᠤ᠂ ᠤᠯᠠᠭᠠᠨ ᠴᠢᠪᠠᠭ᠎ᠠ ᠳᠣᠲᠣᠷ᠎ᠠ ᠴᠢᠪ ᠬᠡᠮᠡᠨ ᠨᠡᠯᠢᠶᠡᠳ ᠠᠷᠪᠢᠨ ᠸᠢᠲ᠋ᠠᠮᠢᠨC ᠠᠭᠤᠯᠵᠤ ᠪᠠᠶᠢᠳᠠᠭ᠃ ᠡᠶᠢᠮᠦ ᠠᠴᠠ ᠤᠯᠠᠭᠠᠨ ᠴᠢᠪᠠᠭ᠎ᠠ ᠶᠢᠨ ᠲᠡᠮᠦᠷ ᠤᠨ ᠠᠭᠤᠯᠤᠭᠳᠠᠴᠠ ᠨᠢ ᠥᠨᠳᠥᠷ ᠪᠢᠰᠢ ᠪᠣᠯᠪᠠᠴᠤ ᠸᠢᠲ᠋ᠠᠮᠢᠨ C ᠨᠢ ᠬᠥᠮᠥᠨ ᠤ ᠪᠡᠶ᠎ᠡ ᠶᠢᠨ ᠲᠡᠮᠦᠷ ᠤᠨ ᠰᠢᠩᠭᠡᠭᠡᠯᠲᠡ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠳᠤ ᠠᠰᠢᠭᠲᠠᠢ ᠪᠠᠶᠢᠳᠠᠭ᠃            
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号