ᠪᠦᠬᠦ ᠬᠤᠳᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠨᠡᠷᠡᠰ ᠲᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ 12 ᠨᠢᠭᠡᠴᠡ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/3/11
   ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠦᠷᠨᠢᠬᠦᠯᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠬᠦ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠢᠳᠡᠪᠬᠢᠲᠡᠢ ᠪᠠᠷ ᠴᠢᠷᠮᠠᠶᠢᠨ ᠡᠭᠦᠳᠬᠦ ᠶᠢ  ᠠᠬᠢᠭᠤᠯᠬᠤ ᠶᠢᠨ ᠲᠤᠰᠠᠳᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠶᠢ ᠨᠡᠷᠡᠶᠢᠳᠬᠦ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠳᠤᠮᠳᠠ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠲᠠᠨᠢᠯᠴᠠᠭᠤᠯᠭ᠎ᠠ ᠪᠠᠷ ᠳᠡᠮᠵᠢᠨ᠂ ᠰᠢᠯᠭᠠᠨ ᠠᠪᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠮᠡᠳᠡᠯᠭᠡ ᠶᠢ ᠰᠢᠯᠭᠠᠨ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠲᠤᠬᠠᠢ ᠶᠢᠨ ᠭᠠᠵᠠᠷ ᠲᠤᠨᠢ ᠰᠢᠯᠭᠠᠨ ᠠᠪᠤᠪᠠ᠃ ᠲᠦᠩᠯᠢᠶᠣᠣ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠬᠤ ᠲᠠᠮᠵᠢᠨ᠂ ᠡᠳᠦᠭᠡ 2023 ᠣᠨ ᠤ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠨᠡᠷᠡᠰ ᠢ ᠨᠡᠶᠢᠳᠡᠯᠡᠭᠰᠡᠨ ᠪᠠᠶᠢᠨ᠎ᠠ᠃      ᠬᠤᠷᠴᠢᠨ ᠵᠡᠭᠦᠨ ᠭᠠᠷᠤᠨ ᠬᠤᠶᠢᠲᠤ ᠬᠤᠰᠢᠭᠤ 12 ᠨᠢᠭᠡᠴᠡ ᠪᠠᠶᠢᠨ᠎ᠠ 1. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠮᠠᠯᠴᠢᠨ ᠨᠡᠶᠢᠭᠡᠮ ᠲᠣᠭᠤᠷᠢᠭ 2. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 3. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠤᠳᠤᠳᠤ ᠰᠤᠮᠤ ᠶᠢᠨ ᠠᠷᠠᠳ ᠤᠨ ᠵᠠᠰᠠᠭ ᠤᠨ ᠣᠷᠳᠣᠨ 4. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ 5. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 6. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ 7. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ 8. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠤᠳᠤᠳᠤ ᠰᠤᠮᠤᠨ ᠤ ᠰᠦᠭᠡᠭ ᠭᠠᠴᠠᠭ᠎ᠠ 9. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠷᠭᠠᠯᠠᠩ ᠭᠠᠴᠠᠭ᠎ᠠ 10. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠾᠷᠢᠰᠲ᠋ᠣᠰ ᠤᠨ ᠱᠠᠰᠢᠨ ᠤ ᠳᠤᠭᠠᠩ 11. ᠥᠪᠥᠷ ᠮᠣᠩᠭᠤᠯ ᠤᠨ ᠮᠠᠯᠴᠢᠨ ᠢᠳᠡᠭᠡᠨ ᠤ ᠬᠢᠵᠠᠭᠠᠷᠲᠤ ᠺᠣᠮᠫᠠᠨᠢ ︵ᠠᠮᠳᠠᠳᠠᠢ︶ 12. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ
 
ᠢᠷᠡᠯᠲᠡ᠄ ᠲᠦᠩᠯᠢᠶᠥᠥ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号