| ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠡᠬᠦᠯᠳᠡᠷᠵᠢᠬᠦᠯᠪᠡ᠃ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠪᠠ ᠨᠠᠮ ᠤᠨ ᠡᠭᠦᠷ ᠤᠨ ︽ | ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ᠂ ᠤᠯᠤᠰ ᠲᠥᠷᠥ ᠶᠢᠨ ᠰᠤᠷᠤᠯᠴᠠᠯᠭ᠎ᠠ | ᠵᠡᠷᠭᠡ ᠠᠴᠢᠶᠠᠯᠠᠪᠤᠷᠢ ᠳᠤ ᠲᠦᠰᠢᠭᠯᠡᠨ᠂ ᠪᠥᠬᠦ ᠨᠠᠮ ᠤᠨ ᠭᠡᠰᠢᠭᠦᠨ᠂ ᠠᠷᠠᠳ ᠤᠨ ᠲᠤᠰᠠᠯᠠᠬᠤ ᠴᠠᠭᠳᠠᠭ᠎ᠠ ᠶᠢ | ᠬᠥᠲᠥᠯᠦᠨ ᠵᠢᠯᠣᠭᠤᠳᠴᠤ ᠪᠠᠶᠢᠭᠠᠳ ︽ᠵᠢᠷᠭᠤᠭᠠᠨ ᠦᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ | ᠭᠦᠨᠵᠡᠭᠡᠶ ᠣᠶᠢᠯᠠᠭᠠᠭᠤᠯᠪᠠ᠃ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠨᠠᠷᠢᠯᠢᠭ ᠣᠨᠣᠴᠠᠲᠠᠶ ᠪᠠᠷ | ᠦᠢᠯᠡᠴᠢᠯᠡᠭᠡ ᠦᠷᠨᠢᠬᠦᠯᠪᠡ ᠃ ᠡᠯ᠎ᠡ ᠨᠠᠮ ᠤᠨ ᠡᠭᠦᠷ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ | ︾ ᠵᠦᠢᠯᠡᠰ ᠤᠨ ᠨᠠᠷᠢᠨ ᠳᠠᠩᠰᠠ ᠶᠢ ᠲᠣᠭᠲᠠᠭᠠᠵᠤ᠂ ᠨᠠᠮ ᠤᠨ ᠭᠡᠰᠢᠭᠦᠨ ᠠᠷᠠᠳ ᠤᠨ ᠲᠤᠰᠠᠯᠠᠬᠤ ᠴᠠᠭᠳᠠᠭ᠎ᠠ | ᠡᠭᠦᠨ ᠤ ᠳᠤᠮᠳᠠ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠯᠢᠶᠡᠨ ᠠᠪᠴᠤ᠂ 52 ᠬᠥᠯᠥᠰᠥᠨ | ᠠᠵᠢᠯᠴᠢᠨ ᠳᠤ 41.9 ᠲᠦᠮᠡ ᠭᠠᠷᠤᠢ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠬᠦᠯᠦᠭᠰᠡᠨ ᠪᠠ | ᠬᠦᠴᠢᠷᠳᠡᠯᠲᠡᠢ ᠤᠯᠠᠨ ᠲᠦᠮᠡᠨ ᠳᠤ 15 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ | ᠠᠪᠴᠢᠷᠠᠪᠠ᠃ | | | ᠨᠡᠶᠢᠭᠡᠮ ᠲᠣᠭᠤᠷᠢᠭ ᠤᠨ ᠠᠵᠢᠯ ᠳᠤ ᠭᠦᠨᠵᠡᠭᠡᠶᠢᠷᠡᠵᠦ᠂ ᠬᠠᠮᠲᠤᠪᠠᠷ ᠪᠠᠶᠢᠭᠤᠯᠬᠤ ᠬᠦᠴᠦᠨ ᠢ ᠨᠢᠬᠳᠠᠷᠠᠭᠤᠯᠪᠠ᠃ | ︽ᠬᠤᠣᠰ ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡᠨ ᠤ ᠠᠵᠢᠯᠯᠠᠭ᠎ᠠ︾ ᠶᠢ ᠠᠬᠢᠭᠤᠯᠵᠤ᠂ ᠡᠯ᠎ᠡ ᠨᠡᠶᠢᠭᠡᠮ | ᠲᠣᠭᠤᠷᠢᠭ ᠲᠠᠢ ᠬᠠᠮᠵᠢᠯᠴᠠᠨ ᠣᠯᠠᠨ ᠲᠦᠮᠡᠨ ᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠪᠡ᠃ ᠪᠥᠬᠦ | ᠠᠷᠠᠳ ᠤᠨ ᠴᠠᠭᠳᠠᠭ᠎ᠠ ᠪᠠ ᠲᠤᠰᠠᠯᠠᠬᠤ ᠴᠠᠭᠳᠠᠭ᠎ᠠ ᠨᠠᠷ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ᠂ | ᠮᠡᠬᠡᠯᠡᠯ ᠢ ᠡᠰᠡᠷᠭᠦᠴᠡᠬᠦ APP ᠶᠢ ᠤᠭᠰᠠᠷᠠᠬᠤ ᠵᠡᠷᠭᠡ ᠠᠵᠢᠯ ᠲᠠᠢ ᠤᠶᠠᠯᠳᠤᠭᠤᠯᠤᠨ᠂ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠡᠬᠦᠳᠪᠡ᠃ | |