︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠶᠢᠨ ᠲᠥᠯᠥᠭᠡ᠂ | ᠣᠶᠢᠷ᠎ᠠ ᠶᠢᠨ ᠡᠳᠦᠷ ᠤᠳ ᠲᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠬᠤᠶᠠᠷ ᠥᠮᠡᠨ︾ ᠢ ᠰᠦᠢᠳᠬᠡᠯ | ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠡᠮᠡᠭᠲᠡᠢ ᠨᠠᠶᠢᠵᠠ ᠨᠠᠷ ᠲᠤ ᠨᠢᠭᠡ ᠬᠤᠪᠢ | ᠣᠨᠴᠠᠭᠠᠶ ᠪᠠᠶᠠᠷ ᠤᠨ ᠡᠳᠦᠷ ᠤᠨ ᠪᠡᠯᠡᠭ ᠬᠦᠷᠭᠡᠭᠰᠡᠨ ᠪᠠᠶᠢᠨ᠎ᠠ᠃ | ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶᠠᠨ ᠤ | ᠪᠠᠶᠢᠴᠠᠭᠠᠯᠲᠠ ᠶᠢᠨ ᠲᠤᠬᠠᠢ ᠶᠢᠨ ᠲᠠᠯᠠᠪᠠᠶ ᠳᠤ᠂ ᠡᠮᠨᠡᠯᠭᠡ ᠶᠢᠨ ᠠᠵᠢᠯᠲᠠᠳ ᠨᠠᠷᠢᠨ ᠨᠢᠮᠪᠠᠢ ᠪᠠᠶᠢᠴᠠᠭᠠᠯᠲᠠ | ᠬᠢᠭᠰᠡᠨ ᠢᠶᠠᠷ ᠪᠠᠷᠠᠬᠤ ᠦᠭᠡᠢ᠂ ᠡᠮᠡᠭᠲᠡᠢ ᠨᠠᠶᠢᠵᠠ ᠨᠢᠭᠡᠪᠦᠷᠢ ᠶᠢᠨ ᠳᠤᠷᠠᠳᠤᠭᠰᠠᠨ ᠠᠰᠠᠭᠤᠯᠲᠠ ᠳᠤ ᠬᠠᠯᠠᠰᠢᠷᠠᠯ | ᠦᠭᠡᠢ ᠬᠠᠷᠢᠭᠤᠯᠲᠠ ᠥᠭᠴᠦ᠂ ᠬᠥᠬᠦᠨ ᠪᠤᠯᠴᠢᠷᠬᠠᠢ ᠶᠢᠨ ᠥᠮᠡᠨ ᠪᠠ ᠰᠠᠪᠠ ᠶᠢᠨ ᠬᠦᠵᠦᠭᠦᠨ ᠤ ᠥᠮᠡᠨ ᠢ | ᠰᠡᠷᠭᠡᠶᠢᠯᠡᠬᠦ ᠦᠨᠳᠦᠰᠦᠨ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠪᠠᠶᠢᠴᠠᠭᠠᠯᠲᠠ ᠶᠢᠨ ᠦᠷ᠎ᠡ ᠳ᠋ᠦᠩ ᠳᠤ ᠰᠢᠨᠵᠢᠯᠡᠬᠦ | ᠤᠬᠠᠭᠠᠨᠴᠢ᠂ ᠵᠦᠢ ᠵᠣᠬᠢᠰᠲᠠᠢ ᠰᠠᠨᠠᠭᠤᠯᠭ᠎ᠠ ᠪᠠ ᠵᠢᠯᠣᠭᠤᠳᠤᠯᠭ᠎ᠠ ᠥᠭᠭᠦᠭᠰᠡᠨ ᠪᠠᠶᠢᠨ᠎ᠠ᠃ | | ᠣᠶᠢᠯᠠᠭᠠᠭᠰᠠᠨ ᠢᠶᠠᠷ᠂ ᠲᠣᠰ ᠤᠳᠠᠭᠠᠨ ᠤ ︽ᠬᠤᠶᠠᠷ ᠥᠮᠡᠨ︾ ᠢ ᠰᠦᠢᠳᠬᠡᠯ ᠬᠤᠷᠢᠶᠠᠬᠤ ᠦᠭᠡᠢ ᠪᠠᠷ | ᠰᠢᠭᠰᠢᠨ ᠪᠠᠶᠢᠴᠠᠭᠠᠬᠤ ᠠᠵᠢᠯᠯᠠᠭ᠎ᠠ ᠨᠢ 2022 ᠣᠨ ᠪᠠ 2023 ᠣᠨ ᠳᠤ ᠪᠤᠯᠳᠠᠯᠠᠬᠢ᠂ 35 ︱ 64 | ᠨᠠᠰᠤᠨ ᠤ ᠬᠤᠭᠤᠷᠤᠨᠳᠤᠬᠢ᠂ ᠰᠢᠭᠰᠢᠨ ᠪᠠᠶᠢᠴᠠᠭᠠᠬᠤ ᠳᠤ ᠣᠷᠣᠯᠴᠠᠵᠤ ᠥᠩᠭᠡᠷᠡᠭᠰᠡᠨ ᠦᠭᠡᠢ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ 2 ᠲᠦᠮᠡ ᠭᠠᠷᠤᠢ ᠡᠮᠡᠭᠲᠡᠶᠢᠴᠦᠳ ᠲᠤ | ᠬᠤᠯᠪᠣᠭᠳᠠᠵᠠᠢ᠃ | ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠬᠡ ᠶᠢᠨ ᠬᠤᠷᠢᠶ᠎ᠠ | ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠡᠮᠡᠭᠲᠡᠶᠢᠴᠦᠳ ᠤᠨ ᠥᠪᠡᠷ ᠢ ᠪᠠᠨ ᠡᠷᠡᠭᠦᠯᠵᠢᠭᠦᠯᠬᠦ | ᠤᠬᠠᠮᠰᠠᠷ ᠢ ᠲᠡᠭᠡᠭᠰᠢᠯᠡᠬᠦᠯᠵᠦ᠂ ︽ᠬᠤᠶᠠᠷ ᠥᠮᠡᠨ︾ ᠤ ᠡᠮᠡᠭᠲᠡᠶᠢᠴᠦᠳ ᠤᠨ ᠡᠷᠡᠭᠦᠯ ᠮᠡᠨᠳᠤ ᠳᠤ ᠦᠵᠡᠭᠦᠯᠬᠦ | ᠰᠦᠷᠳᠡᠭᠦᠯᠦᠯ ᠢ ᠪᠠᠭᠠᠰᠬᠠᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠴᠠᠭ ᠢᠶᠠᠨ ᠵᠣᠬᠢᠰᠲᠠᠢ ᠲᠣᠬᠢᠷᠠᠭᠤᠯᠵᠤ᠂ | ᠪᠠᠶᠢᠴᠠᠭᠠᠬᠤ ᠠᠵᠢᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠦᠢᠯᠡᠴᠢᠯᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ | ᠦᠷᠭᠦᠯᠵᠢᠯᠡᠨ ᠵᠣᠬᠢᠶᠠᠨ ᠪᠠᠶᠢᠭᠤᠯᠵᠤ᠂ ᠡᠷᠡᠭᠦᠯ ᠮᠡᠨᠳᠤ ᠶᠢᠨ ᠮᠡᠳᠡᠯᠭᠡ ᠶᠢᠨ ᠤᠬᠠᠭᠤᠯᠭ᠎ᠠ ᠬᠥᠮᠦᠵᠢᠯ ᠪᠣᠯᠣᠨ ᠡᠯ᠎ᠡ | ᠵᠦᠢᠯ ᠤᠨ ᠡᠷᠡᠭᠦᠯ ᠮᠡᠨᠳᠤ ᠶᠢᠨ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ | ᠥᠷᠭᠡᠨ ᠤᠯᠠᠨ ᠡᠮᠡᠭᠲᠡᠶᠢᠴᠦᠳ ᠲᠤ ᠡᠷᠡᠭᠦᠯ ᠮᠡᠨᠳᠤ ᠪᠠ ᠬᠠᠶᠢᠷ᠎ᠠ ᠬᠠᠯᠠᠮᠵᠢ ᠬᠦᠷᠳᠡᠭᠡᠬᠦ ᠪᠤᠯᠤᠨ᠎ᠠ᠃ |