3 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠤᠷᠠᠯ ᠡᠷᠭᠢᠯᠡᠪᠡ᠃ | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ | ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ 2024 ᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠤᠬᠠᠢ ᠶᠡᠷᠦᠩᠬᠡᠢ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ | ᠣᠨᠣᠪᠴᠢᠲᠠᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ | ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ | ᠤᠬᠠᠭᠠᠨᠴᠢ ᠪᠠᠷ ᠰᠢᠰᠲ᠋ᠧᠮ ᠲᠠᠢ ᠲᠥᠯᠥᠪᠵᠢᠭᠦᠯᠵᠦ᠂ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠢ ᠡᠮᠬᠢ | ᠴᠡᠭᠴᠡ ᠲᠠᠢ ᠠᠬᠢᠭᠤᠯᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠵᠦ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠤᠨ ᠰᠢᠨ᠎ᠡ ᠡᠨᠧᠷᠭᠢ ᠶᠢᠨ | ᠠᠵᠤ ᠦᠢᠯᠡᠰ ᠢ ᠬᠥᠭᠵᠢᠭᠦᠯᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠢᠳᠡᠪᠬᠢᠲᠡᠢ | ᠪᠥᠭᠡᠳ ᠰᠠᠨᠠᠭᠠᠴᠢᠯᠠᠭ᠎ᠠ ᠲᠠᠢ ᠪᠠᠷ ᠰᠠᠶᠢᠲᠤᠷ ᠡᠵᠡᠮᠳᠡᠵᠦ᠂ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ | ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠳᠡᠭᠡᠳᠦ ᠵᠡᠷᠭᠡᠯᠡᠯ ᠤᠨ ᠵᠢᠷᠤᠭ ᠲᠥᠯᠥᠪᠯᠡᠭᠡ ᠪᠠ | ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠢᠨ᠎ᠡ ᠡᠨᠧᠷᠭᠢ ᠵᠢᠴᠢ ᠬᠤᠯᠪᠣᠭᠳᠠᠬᠤ ᠠᠵᠤ | ᠦᠢᠯᠡᠰ ᠤᠨ ᠬᠠᠮᠵᠢᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠳᠠᠪᠠᠭᠤᠯᠢᠭ ᠢ ᠦᠨᠡᠨᠬᠦ ᠠᠵᠤ | ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ | ᠪᠠᠷᠢᠮᠵᠢᠶ᠎ᠠ ᠶᠢ ᠪᠠᠷᠢᠮᠲᠠᠯᠠᠵᠤ᠂ ᠵᠠᠯᠠᠭᠤ ᠺᠠᠳ᠋ᠷᠴᠤᠳ ᠢ ᠰᠢᠯᠢᠬᠦ᠂ ᠲᠣᠷᠨᠢᠭᠤᠨ ᠬᠥᠮᠥᠵᠢᠭᠦᠯᠬᠦ᠂ ᠴᠢᠩᠭ᠎ᠠ ᠬᠠᠮᠢᠶᠠᠷᠬᠤ᠂ | ᠴᠢᠳᠠᠮᠠᠭᠠᠢ ᠬᠡᠷᠡᠭᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠵᠠᠯᠠᠭᠤ ᠺᠠᠳ᠋ᠷᠴᠤᠳ ᠲᠤ ᠢᠯᠡᠭᠦᠬᠡᠨ ᠲᠠᠪᠴᠠᠩ | ᠪᠠᠶᠢᠭᠤᠯᠤᠨ ᠴᠢᠳᠠᠪᠤᠷᠢ ᠣᠯᠭᠤᠵᠤ᠂ ᠵᠠᠯᠠᠭᠤ ᠺᠠᠳ᠋ᠷᠴᠤᠳ ᠢ ᠬᠠᠪᠰᠤᠷᠤᠨ ᠨᠡᠩ ᠰᠠᠶᠢᠨ ᠢᠶᠠᠷ ᠥᠰᠬᠡᠨ | ᠪᠣᠶᠢᠵᠢᠭᠤᠯᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ ᠪᠦᠬᠦ ᠬᠤᠲᠠ ᠶᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠠᠬᠢᠭᠤᠯᠬᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠲᠤᠳᠬᠠᠨ | ᠥᠷᠭᠡᠳᠬᠡᠵᠦ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ︽ᠵᠢᠷᠭᠤᠭᠠᠨ ᠵᠦᠢᠯ ᠤᠨ ᠠᠴᠢᠶᠠᠯᠠᠪᠤᠷᠢ︾᠂ ︽ᠳᠥᠷᠪᠡᠨ ᠬᠥᠮᠦᠵᠢᠯ ᠢ ᠠᠭᠤᠰᠤᠯᠴᠠᠭᠤᠯᠬᠤ︾ | ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ | ᠤᠴᠢᠷ︾ ᠢ ᠲᠣᠳᠣᠷᠬᠠᠢ ᠲᠠᠶᠢᠯᠪᠤᠷᠢᠯᠠᠨ ᠨᠡᠪᠲᠡᠷᠡᠲᠡᠯ᠎ᠡ ᠶᠠᠷᠢᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠵᠤ | ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠨᠬᠦ ᠣᠯᠠᠨ ᠲᠦᠮᠡᠨ ᠤ ᠨᠢᠳᠤᠨ ᠳᠤ | ᠦᠵᠡᠭᠳᠡᠮ᠎ᠡ᠂ ᠭᠠᠷ ᠲᠤ ᠪᠠᠷᠢᠭᠳᠠᠮ᠎ᠠ ᠠᠵᠢᠯ ᠤᠨ ᠪᠣᠳᠠᠲᠤ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠤ | ᠱᠠᠭᠠᠷᠳᠠᠪᠠ᠃ | ᠬᠤᠷᠠᠯ ᠠᠴᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠷᠢᠰ ᠲᠥᠰᠥᠯ ᠵᠢᠴᠢ ᠠᠵᠢᠯ ᠤᠨ ᠡᠷᠬᠢᠯᠳᠡ ᠶᠢ ᠲᠣᠬᠢᠷᠠᠭᠤᠯᠬᠤ | ᠲᠣᠭᠲᠠᠴᠠ᠂ ᠬᠢᠨᠠᠨ ᠰᠢᠯᠭᠠᠬᠤ ᠠᠷᠭ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠬᠦ ᠲᠥᠰᠥᠯ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠦᠢᠯᠡᠴᠢᠯᠡᠭᠡᠨ ᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠰᠢᠪᠳᠤᠯᠤᠯᠳᠠ ᠶᠢᠨ ᠠᠵᠢᠯᠯᠠᠭ᠎ᠠ ᠶᠢ | ᠬᠡᠷᠡᠭᠵᠢᠭᠦᠯᠬᠦ ᠰᠠᠨᠠᠯ ᠪᠠ ᠢᠵᠢ ᠪᠦᠷᠢᠳᠦᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | |