| ︽ᠲᠣᠤᠷ ᠲᠠᠲᠠᠬᠤ ᠮᠠᠶ᠋ᠢᠭ︾ ᠢᠶᠠᠷ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠴᠠᠭ ᠲᠤᠬᠠᠶ ᠳ᠋ᠤᠨᠢᠡᠵᠡᠮᠰᠢᠪᠡ᠃ ᠪᠦᠷᠢᠯᠳᠦᠬᠦᠨ ᠨᠢᠭᠡᠴᠡ ᠪᠣᠯᠤᠨ ᠡᠯ᠎ᠡ ᠭᠠᠴᠠᠭ᠎ᠠ ᠲᠣᠰᠬᠤᠨ ᠤ ᠺᠠᠳ᠋ᠷ᠂ | ᠰᠦᠯᠵᠢᠶᠡᠨ ᠤ ᠠᠵᠢᠯᠲᠠᠨ᠂ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠡᠰᠡᠭ ᠳᠠᠭᠠᠭᠠᠨ ᠣᠷᠣᠨ | ᠬᠤᠪᠢᠶᠠᠨ ︽ᠲᠣᠤᠷ ᠲᠠᠲᠠᠬᠤ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠣᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠶᠢ ᠤᠶᠢᠯᠠᠭᠠᠨ᠂ ᠵᠥᠷᠢᠴᠡᠯ ᠤᠨ ᠳᠠᠯᠳᠠ ᠬᠡᠮ ᠢ ᠡᠵᠡᠮᠰᠢᠵᠦ᠂ ᠣᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠶᠢ ᠠᠰᠠᠭᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠠᠶᠢᠬᠤ ᠶᠢ ᠪᠡᠶᠡᠯᠡᠬᠦᠯᠪᠡ ᠃ | ᠣᠲᠣ ᠪᠣᠯᠲᠠᠯ᠎ᠠ᠂ 18 ᠵᠤᠷᠪᠤᠰ ᠵᠥᠷᠢᠴᠡᠯ ᠵᠢᠭᠤᠷᠠᠯᠳᠤᠭᠠᠨ ᠤ ᠳᠠᠯᠳᠠ ᠬᠡᠮ ᠢ ᠵᠢᠭᠰᠠᠭᠠᠨ ᠪᠠᠶᠢᠴᠭᠠᠪᠠ᠃ | | | ︽ᠲᠦᠪᠯᠡᠷᠡᠩᠬᠦᠢ ᠮᠠᠶ᠋ᠢᠭ︾ ᠤᠨ ᠡᠶᠡᠳᠡᠭᠦᠯᠭᠡ ᠪᠠᠷ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠨᠠᠮᠳᠠᠭᠤᠯᠪᠠ᠃ | ᠬᠤᠯᠪᠣᠭᠳᠠᠬᠤ ᠬᠡᠪᠴᠢᠶ᠎ᠡ ᠪᠠᠷ ᠥᠷᠭᠡᠨ᠂ ᠬᠡᠷᠡᠭ ᠤᠨ ᠪᠠᠶᠢᠳᠠᠯ ᠨᠢ ᠪᠤᠳᠤᠯᠢᠶᠠᠨᠲᠠᠢ᠂ ᠲᠠᠷᠤᠬᠳᠠᠮᠠᠯ ᠵᠥᠷᠢᠴᠡᠯ | ᠵᠢᠭᠤᠷᠠᠯᠳᠤᠭᠠᠨ ᠳᠤ ᠴᠢᠭᠯᠡᠭᠦᠯᠦᠨ᠂ ᠡᠶᠡᠳᠡᠭᠦᠯᠬᠦ ᠲᠥᠪ ᠲᠠᠢ ᠬᠠᠮᠲᠤᠷᠠᠨ ᠬᠠᠮᠢᠶ᠎ᠠ ᠪᠦᠬᠦᠢ ᠬᠥᠮᠥᠰ ᠢ ᠴᠤᠭᠯᠠᠭᠤᠯᠤᠨ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠭᠠᠴᠠᠭ᠎ᠠ ᠠᠴᠠ ᠭᠠᠷᠭᠠᠬᠤ | ᠦᠭᠡᠢ᠂ ᠶᠡᠭᠡ ᠶᠠᠪᠤᠳᠠᠯ ᠢ ᠰᠤᠮᠤ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠳᠦ ᠱᠠᠲᠤᠨ ᠳᠤ ᠲᠤᠰᠢᠶᠠᠬᠤ ᠦᠭᠡᠢ︾ | ᠪᠠᠶᠢᠬᠤ ᠶᠢ ᠠᠮᠵᠢᠯᠲᠠ ᠲᠠᠢ ᠪᠠᠷ ᠪᠡᠶᠡᠯᠡᠭᠦᠯᠪᠡ᠃ ᠵᠢᠯ ᠤᠨ ᠡᠬᠢᠨ ᠠᠴᠠ ᠨᠠᠭᠠᠰᠢ᠂ 7 ᠵᠥᠷᠢᠴᠡᠯ ᠵᠢᠭᠤᠷᠠᠯᠳᠤᠭᠠᠨ ᠢ | ᠠᠮᠵᠢᠯᠲᠠ ᠲᠠᠢ ᠨᠠᠮᠳᠠᠭᠤᠯᠵᠠᠢ᠃ | ︽ᠮᠥᠷᠳᠡᠬᠦ ᠮᠠᠶ᠋ᠢᠭ︾ ᠤᠨ ᠬᠠᠷᠢᠭᠤ ᠰᠤᠷᠪᠤᠯᠵᠢᠯᠠᠭ᠎ᠠ ᠪᠠᠷ ᠣᠯᠠᠨ ᠲᠦᠮᠡᠨ ᠤ ᠬᠠᠨᠤᠮᠵᠢᠲᠠᠶ ᠪᠠᠶᠢᠬᠤ ᠶᠢ | ᠦᠨᠡᠨ ᠬᠦ ᠪᠠᠲᠤᠯᠠᠪᠠ᠃ ᠨᠢᠭᠡᠨᠲᠡ ᠡᠶᠡᠳᠡᠭᠦᠯᠦᠭᠡᠳ ᠠᠮᠵᠢᠯᠲᠠ ᠣᠯᠤᠭᠰᠠᠨ ᠵᠥᠷᠢᠴᠡᠯ ᠵᠢᠭᠤᠷᠠᠯᠳᠤᠭᠠᠨ ᠳᠤ | ᠲᠤᠰᠬᠠᠶ ᠬᠥᠮᠦᠨ ᠢ ᠵᠣᠬᠢᠶᠠᠨ ᠪᠠᠶᠢᠭᠤᠯᠤᠨ ᠤᠲᠠᠰᠤ ᠪᠠᠷ ᠯᠠᠪᠯᠠᠨ ᠠᠰᠠᠭᠤᠬᠤ᠂ ᠲᠤᠬᠠᠶ ᠶᠢᠨ ᠭᠠᠵᠠᠷ ᠲᠤᠨᠢ | ᠰᠤᠷᠪᠤᠯᠵᠢᠯᠠᠬᠤ ᠵᠡᠷᠭᠡ ᠬᠡᠯᠪᠡᠷᠢ ᠶᠢ ᠠᠪᠴᠤ᠂ ᠵᠥᠷᠢᠴᠡᠯ ᠵᠢᠭᠤᠷᠠᠯᠳᠤᠭᠠᠨ ᠤ ᠲᠤᠬᠠᠶ ᠶᠢᠨ ᠬᠥᠮᠦᠨ ᠢ ᠲᠣᠭᠲᠠᠮᠠᠯ | ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠵᠤ᠂ ᠲᠤᠬᠠᠶ ᠶᠢᠨ ᠬᠥᠮᠦᠨ ᠤ ᠦᠵᠡᠯ ᠰᠠᠨᠠᠭᠠᠨ ᠤ ᠬᠥᠳᠡᠯᠦᠯ | ᠪᠠᠶᠢᠳᠠᠯ ᠢ ᠮᠦᠷᠳᠡᠵᠥ ᠡᠵᠡᠮᠰᠢᠨ ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ 100% ᠳᠤ ᠬᠦᠷᠦᠬᠦᠯᠪᠡ ᠃ | | |