ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠲᠠᠷᠢᠶᠠᠨ ᠦᠷ᠎ᠡ ᠶᠢ ᠲᠠᠩᠰᠠᠯᠠᠬᠤ ᠬᠠᠮᠢᠶᠠᠷᠤᠯᠲᠠ ᠶᠢᠨ ᠠᠵᠢᠯ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠳᠤ ᠪᠠᠲᠤ ᠰᠠᠭᠤᠷᠢ ᠲᠠᠯᠪᠢᠵᠤ ᠪᠠᠶᠢᠨ᠎ᠠ
ᠨᠡᠶᠢᠲᠡᠯᠡᠭᠰᠡᠨ ᠴᠠᠭ᠄
2024/3/14
   ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠪᠣᠯᠣᠨ᠎ᠠ᠂ ᠬᠠᠪᠤᠷ ᠤᠨ ᠲᠠᠷᠢᠶᠠᠯᠠᠭ᠎ᠠ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠢᠨ ᠠᠵᠢᠯ ᠤᠨ ᠠᠷᠭ᠎ᠠ ᠬᠡᠮᠵᠢᠶ᠎ᠡ ᠪᠠᠨ ᠰᠠᠶᠢᠵᠢᠷᠠᠭᠤᠯᠵᠤ᠂ ᠠᠵᠢᠯ ᠤᠨ ᠠᠷᠭ᠎ᠠ ᠬᠡᠯᠪᠡᠷᠢ ᠪᠠᠨ ᠰᠢᠯᠢᠳᠡᠭᠵᠢᠭᠦᠯᠦᠨ᠂ ︽ᠨᠢᠭᠡ ᠯᠡ ᠤᠳᠠᠭ᠎ᠠ ᠳᠤ ᠮᠡᠳᠡᠭᠳᠡᠬᠦ︾᠂ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠠᠪᠴᠤ᠂ ᠬᠠᠪᠤᠷ ᠤᠨ ᠤᠯᠠᠷᠢᠯ ᠤᠨ ᠲᠠᠷᠢᠶᠠᠨ ᠦᠷ᠎ᠡ ᠶᠢᠨ ᠵᠠᠬ᠎ᠠ ᠳᠡᠯᠭᠡᠭᠦᠷ ᠤᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠳᠤ ᠪᠠᠲᠤ ᠰᠠᠭᠤᠷᠢ ᠲᠠᠯᠪᠢᠵᠤ ᠪᠠᠶᠢᠨ᠎ᠠ᠃     ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠲᠤ᠂ ᠥᠪᠥᠷ ᠮᠣᠩᠭᠤᠯ ᠤᠨ ᠶᠡᠭᠡ  ᠰᠠᠶᠢᠨ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠲᠢᠶᠧ ᠱᠠᠨ ᠡᠮᠦᠨᠡᠬᠢ ᠬᠤᠭᠤᠴᠠᠭᠠᠨ ᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠪᠠᠷ ᠳᠡᠮᠵᠢᠨ᠂ ᠠᠷᠪᠠᠨ ᠮᠢᠨᠦ᠋ᠲ ᠪᠣᠯᠣᠯ ᠦᠭᠡᠢ ᠪᠠᠷ ᠡᠨᠡ ᠵᠢᠯ ᠤᠨ ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠦᠷᠢᠳᠬᠡᠯ ᠤᠨ ᠬᠦᠰᠦᠨᠦᠭᠲᠦ ᠶᠢ ᠣᠯᠣᠭᠰᠠᠨ ᠪᠠᠶᠢᠨ᠎ᠠ
 
        ︽ᠣᠳᠣᠬᠠᠨ ᠳᠤ ᠲᠠᠷᠢᠶᠠᠨ ᠦᠷ᠎ᠡ ᠶᠢ ᠳᠠᠩᠰᠠᠯᠠᠭᠤᠯᠬᠤ ᠳᠤ ᠮᠠᠰᠢ ᠬᠢᠯᠪᠠᠷ ᠪᠣᠯᠵᠠᠢ᠂ ᠣᠳᠣᠬᠠᠨ ᠳᠤ ᠲᠠᠷᠢᠶᠠᠨ ᠦᠷ᠎ᠡ ᠶᠢ ᠳᠠᠩᠰᠠᠯᠠᠭᠤᠯᠬᠤ ᠳᠤ ᠮᠠᠰᠢ ᠬᠢᠯᠪᠠᠷ ᠪᠣᠯᠵᠠᠢ᠂ ᠵᠥᠪᠬᠡᠨ ᠪᠦᠲᠦᠭᠡᠭᠳᠡᠬᠦᠨ ᠤ ᠦᠷ᠎ᠡ ᠶᠢᠨ ᠵᠥᠪ ᠪᠤᠷᠤᠭᠤ ᠲᠠᠯ᠎ᠠ ᠶᠢᠨ ᠬᠡᠷᠡᠯ ᠵᠢᠷᠤᠭ᠂ ᠡᠵᠡᠩᠨᠡᠯᠲᠡ ᠶᠢᠨ ᠦᠨᠡᠮᠯᠡᠯ᠂ ᠪᠠᠷᠢᠮᠲᠠ ᠶᠢᠨ ᠬᠡᠷᠡᠯ ᠵᠢᠷᠤᠭ᠂ ᠬᠤᠪᠢᠶᠠᠨ ᠪᠣᠷᠣᠯᠠᠭᠤᠯᠬᠤ ᠬᠤᠳᠠᠯᠳᠤᠭᠠᠴᠢᠨ ᠤ ᠳᠠᠩᠰᠠᠯᠠᠭᠤᠯᠤᠭᠰᠠᠨ ᠬᠦᠰᠦᠨᠦᠭᠲᠦ ᠶᠢ ᠪᠡᠯᠡᠳᠭᠡᠵᠦ ᠳᠡᠭᠡᠭᠰᠢ ᠲᠠᠮᠵᠢᠭᠤᠯᠪᠠᠯ ᠪᠤᠯᠴᠢᠬᠠᠨ᠎ᠠ᠂ ᠥᠩᠭᠡᠷᠡᠭᠰᠡᠨ ᠤ ᠰᠢᠭ  ᠬᠢᠨᠠᠨ ᠪᠠᠶᠢᠴᠠᠭᠠᠭᠰᠠᠨ ᠦᠨᠡᠮᠯᠡᠯ᠂ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ᠂ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠦᠢᠯᠡᠳᠪᠦᠷᠢᠯᠡᠭᠰᠡᠨ ᠭᠠᠵᠠᠷ ᠤᠨ ᠰᠢᠯᠭᠠᠨ ᠪᠠᠶᠢᠴᠠᠭᠠᠯᠲᠠ ᠶᠢᠨ ᠭᠡᠷᠡᠴᠢ ᠵᠡᠷᠭᠡ ᠶᠢᠨ ᠠᠯᠢ ᠤᠯᠠᠨ ᠴᠠᠭᠠᠰᠤᠨ ᠬᠡᠪᠯᠡᠯ ᠠᠷᠪᠢᠨ ᠪᠡᠯᠡᠳᠭᠡᠬᠦ ᠴᠢᠬᠤᠯᠠ ᠦᠭᠡᠢ᠂ ᠨᠡᠩ ᠳᠥᠭᠦᠮ ᠬᠢᠯᠪᠠᠷ ᠪᠣᠯᠤᠭᠰᠠᠨ ᠪᠠᠶᠢᠨ᠎ᠠ  ︾ ᠭᠡᠵᠦ ᠥᠪᠥᠷ ᠮᠣᠩᠭᠤᠯ ᠤᠨ ᠶᠡᠭᠡ ᠰᠠᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠲᠢᠶᠧ ᠱᠠᠨ ᠬᠡᠯᠡᠪᠡ᠃
 
    ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠰᠢ᠂ ᠬᠤᠷᠴᠢᠨ ᠵᠡᠭᠦᠨ ᠬᠤᠶᠢᠲᠤ ᠶᠢᠨ ᠬᠤᠶᠢᠲᠤ ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠲᠠᠷᠢᠶᠠᠨ ᠦᠷ᠎ᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ 6 ᠵᠦᠢᠯ ᠤᠨ ᠳᠠᠩᠰᠠᠯᠠᠭᠤᠯᠬᠤ ᠭᠠᠷ ᠭᠦᠢᠴᠡᠳᠬᠡᠯ ᠢ ᠰᠢᠯᠢᠳᠡᠭᠵᠢᠭᠦᠯᠦᠨ᠂ ᠰᠦᠢᠳᠬᠡᠯ ᠬᠤᠷᠢᠶᠠᠬᠤ ᠦᠭᠡᠢ ᠪᠠᠷ ᠲᠤᠬᠠᠢ ᠶᠢᠨ ᠲᠠᠯᠠᠪᠤᠷ ᠲᠤ ᠳᠠᠷᠤᠮᠠᠯᠯᠠᠬᠤ ᠵᠡᠷᠭᠡ ᠦᠢᠯᠡᠴᠢᠯᠡᠭᠡ ᠶᠢ 320 ᠭᠠᠷᠤᠢ ᠤᠳᠠᠭ᠎ᠠ ᠬᠠᠩᠭᠠᠵᠤ᠂ ᠳᠠᠩᠰᠠᠯᠠᠭᠤᠯᠬᠤ ᠭᠤᠣᠯ ᠴᠣᠭᠴᠠ ᠶᠢᠨ ᠨᠠᠰᠢ ᠴᠠᠰᠢ ᠭᠦᠶᠦᠬᠦ ᠶᠢ 30 ᠭᠠᠷᠤᠢ ᠤᠳᠠᠭ᠎ᠠ ᠪᠠᠭᠠᠰᠬᠠᠨ᠂ ᠡᠷᠳᠡᠨᠢ ᠰᠢᠰᠢ᠂ ᠤᠰᠤᠨ ᠲᠤᠲᠤᠷᠭ᠎ᠠ᠂ ᠰᠢᠷ᠎ᠠ ᠪᠤᠷᠴᠠᠭ᠂ ᠨᠠᠷᠢᠮᠤ ᠵᠡᠷᠭᠡ ᠨᠡᠶᠢᠲᠡ 68 ᠭᠦᠢᠯᠭᠡᠭᠡᠨ ᠤ ᠠᠵᠤ ᠠᠬᠤᠶᠢᠯᠠᠯ ᠳᠤ ᠨᠡᠶᠢᠲᠡ 186 ᠵᠦᠢᠯ ᠤᠨ ᠲᠠᠷᠢᠶᠠᠨ ᠦᠷ᠎ᠡ ᠶᠢᠨ ᠡᠵᠡᠩᠨᠡᠯᠲᠡ ᠶᠢᠨ ᠳᠠᠩᠰᠠᠯᠠᠯᠲᠠ ᠬᠢᠵᠦ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠦᠢᠯᠡᠴᠢᠯᠡᠭᠡ ᠪᠠᠷ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃     ︽ᠲᠠᠷᠠᠭᠠᠴᠢ ᠶᠢᠨ ᠠᠯᠬᠤᠮ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ  ᠲᠠᠷᠢᠶᠠᠨ ᠦᠷ᠎ᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠶᠢ ᠡᠭᠦᠳᠬᠦ ᠰᠢᠪᠲᠤᠯᠤᠯᠲᠠ ᠭᠠᠷᠭᠠᠬᠤ ᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号