ᠤᠷᠤᠨ ᠤ ᠲᠡᠰ ᠤᠨ ᠬᠤᠯᠪᠤᠭ᠎ᠠ ᠶᠢᠨ ᠤᠯᠠᠮᠵᠢᠯᠠᠭᠴᠢ ᠬᠠᠶᠢᠴᠢᠩ ᠰᠢᠪᠠᠭᠤ ᠶᠢᠨ ᠲᠤᠪᠴᠢ ᠨᠠᠮᠳᠠᠷ
ᠨᠡᠶᠢᠲᠡᠯᠡᠭᠰᠡᠨ ᠴᠠᠭ᠄
2024/3/14
   ᠬᠠᠶᠢᠴᠢᠩ ᠰᠢᠪᠠᠭᠤ᠂ ᠮᠤᠩᠭᠤᠯ ᠦᠡᠳᠦᠰᠦᠳᠡᠨ ᠤ ᠠᠷᠠᠳ ᠤᠨ ᠤᠷᠠᠯᠢᠭᠴᠢᠨ᠂ ᠲᠦᠩᠯᠢᠶᠤᠤ ᠬᠤᠳᠠ ᠶᠢᠨ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠵᠢᠷᠭᠠᠯᠠᠩ ᠪᠠᠯᠭᠠᠰᠤ ᠶᠢᠨ ᠬᠦᠮᠦᠨ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠤᠢᠪ — ᠬᠤᠯᠪᠤᠭ᠎ᠠ ᠶᠢᠨ ᠤᠯᠠᠮᠵᠢᠯᠠᠭᠴᠢ᠃ ᠦᠪᠦᠷ ᠮᠤᠩᠭᠤᠯ ᠤᠨ ᠦᠡᠳᠦᠰᠦᠳᠡᠨ ᠤ ᠤᠯᠠᠮᠵᠢᠯᠠᠯᠳᠤ ᠲᠠᠭᠤᠤ ᠤᠷᠠᠯᠢᠭ ᠤᠨ ᠤᠯᠠᠭ᠎ᠠ ᠦᠷᠲᠡᠭᠡ ᠶᠢᠨ ᠤᠡᠴᠠ ᠤᠷᠢᠭᠰᠠᠨ ᠤᠷᠠᠯᠢᠭᠴᠢᠨ᠂ ᠬᠤᠷᠴᠢᠨ ᠲᠤᠤᠯᠢ ᠶᠢᠨ ᠤᠯᠠᠭ᠎ᠠ ᠦᠷᠳᠡᠭᠡ ᠶᠢᠨ ᠤᠡᠴᠠ ᠤᠷᠢᠭᠰᠠᠨ ᠤᠷᠠᠯᠢᠭᠴᠢᠨ ᠮᠦᠨ᠃    ᠲᠡᠷᠡ ᠬᠠᠷᠠᠬᠠᠨ ᠪᠠᠭ᠎ᠠ ᠠᠴᠠ ᠪᠠᠨ ᠦᠯᠢᠭᠡᠷ ᠬᠤᠯᠪᠤᠭ᠎ᠠ᠂ ᠠᠷᠠᠳ ᠤᠨ ᠲᠠᠭᠤᠤ ᠳᠤ ᠮᠠᠰᠢ ᠤᠷᠮ᠎ᠠ ᠪᠠᠬ᠎ᠠ ᠲᠠᠢ ᠪᠠᠶᠢᠵᠤ᠂ ᠤᠷᠴᠢᠨ ᠲᠤᠭᠤᠷᠢᠨ ᠤ ᠨᠦᠯᠦᠭᠡ ᠪᠠᠷ ︽ᠵᠢᠡᠵᠣᠤᠷ︾᠂ ︽ᠭᠠᠳᠠ ᠮᠡᠶᠢᠷᠡᠨ︾᠂ ︽ᠳᠠᠶᠠ ᠪᠦᠭᠡᠷ᠎ᠡ︾ ᠵᠡᠷᠭᠡ ᠠᠷᠠᠳ ᠤᠨ ᠲᠠᠭᠤᠤ ᠶᠢ ᠠᠶᠠᠡᠳᠠᠭᠠᠨ ᠠᠶᠠᠯᠠᠭᠤᠯᠵᠤ ᠴᠢᠳᠠᠳᠠᠭ ᠪᠠᠶᠢᠪᠠ᠃ ᠲᠡᠷᠡ ᠠᠷᠪᠠᠨ ᠲᠠᠪᠤᠨ ᠨᠠᠰᠤᠨ ᠠᠴᠠ ᠪᠠᠨ ᠲᠦᠷᠪᠡᠨ ᠤᠳᠠᠰᠤᠳᠤ ᠬᠤᠭᠤᠷ ᠤᠨ ᠤᠯᠤᠰ ᠤᠨ ᠲᠡᠰ ᠤᠨ ᠤᠯᠠᠮᠵᠢᠯᠠᠭᠴᠢ ᠲᠡᠭᠰᠢᠳᠦ᠋ᠬᠦᠷᠡᠩ ᠨᠠᠰᠤᠳᠡᠨ ᠳᠤ ᠱᠠᠪᠢ ᠣᠷᠤᠵᠤ ᠲᠦᠷᠪᠡᠨ ᠤᠳᠠᠰᠤᠳᠤ ᠬᠤᠭᠤᠷ ᠤᠨ ᠮᠡᠷᠭᠡᠵᠢᠯ ᠢ ᠰᠤᠷᠴᠤ ᠡᠵᠡᠮᠰᠢᠭᠡᠳ ᠠᠷᠠᠳ ᠤᠨ ᠲᠠᠭᠤᠤ᠂ ᠬᠤᠯᠪᠤᠭ᠎ᠠ᠂ ᠦᠯᠢᠭᠡᠷ ᠬᠡᠯᠡᠬᠦ ᠮᠡᠷᠭᠡᠵᠢᠯ ᠲᠠᠢ ᠪᠣᠯᠵᠤ᠂ ᠠᠷᠠᠳ ᠤᠨ ᠤᠷᠠᠯᠢᠭᠴᠢᠨ ᠪᠣᠯᠬᠤ ᠵᠠᠮ ᠢᠶᠠᠨ ᠡᠯᠭᠦᠭᠰᠡᠨ ᠪᠠᠶᠢᠨ᠎ᠠ᠃1999 ᠣᠨ ᠠᠴᠠ ᠡᠬᠢᠯᠡᠨ ᠲᠡᠷᠡ ᠪᠡᠶ᠎ᠡ ᠪᠠᠨ ᠲᠠᠭᠠᠭᠠᠵᠤ ᠲᠤᠭᠯᠠᠬᠤ ᠬᠡᠮᠵᠢᠶᠡᠨ ᠳᠤ ᠬᠦᠷᠴᠦ᠂ ᠦᠷᠭᠡᠨ ᠤᠯᠠᠨ ᠮᠠᠯᠴᠢᠨ ᠲᠦᠮᠡᠨ  ᠢ ᠲᠠᠭᠤᠤ ᠤᠷᠠᠯᠢᠭ ᠢᠶᠠᠷ ᠢᠶᠠᠨ ᠪᠠᠶᠠᠰᠬᠠᠵᠤ ᠶᠠᠪᠤᠭᠰᠠᠨ ᠪᠠᠶᠢᠨ᠎ᠠ᠃   2003 ᠣᠨ ᠳᠤ ᠲᠡᠷᠡ᠂ ᠪᠦᠬᠦ ᠬᠤᠰᠢᠭᠤᠨ ᠤ ︽ᠴᠦᠩᠬᠦᠯ ᠬᠤᠨᠲᠠᠭᠠᠳᠤ︾ ᠦᠯᠢᠭᠡᠷ ᠬᠤᠯᠪᠤᠭ᠎ᠠ ᠶᠢᠨ ᠤᠷᠤᠯᠳᠤᠭᠠᠨ ᠳᠤ ︽ᠬᠤᠪᠢᠯᠭᠠᠨ ᠲᠠᠪᠤᠳᠤᠭᠠᠷ ᠨᠢᠰᠬᠦ ᠣᠩᠭᠤᠴᠠ︾ ᠭᠡᠬᠦ ᠬᠤᠯᠪᠤᠭ᠎ᠠ ᠪᠠᠷ ᠢᠶᠠᠨ ᠨᠢᠭᠡᠳᠦᠭᠡᠷ ᠲᠡᠰ ᠤᠨ ᠱᠠᠩᠨᠠᠯ ᠬᠦᠷᠳᠡᠵᠦ᠂ 2006 ᠣᠨ ᠳᠤ ᠬᠦᠬᠡᠬᠤᠳᠠ ᠳᠤ ᠪᠣᠯᠤᠭᠰᠠᠨ ᠨᠠᠢᠮᠠᠨ ᠮᠤᠵᠢ ᠣᠷᠤᠨ ᠤ ᠲᠦᠷᠪᠡᠨ ᠤᠳᠠᠰᠤᠳᠤ ᠬᠤᠭᠤᠷ ᠤᠨ ᠲᠧᠯᠸᠢᠰ ᠱᠠᠩᠨᠠᠯᠲᠤ ᠤᠷᠤᠯᠳᠤᠭᠠᠨ ᠳᠤ ᠲᠡᠭᠦᠨ ᠤ ᠣᠷᠤᠯᠴᠠᠭᠰᠠᠨ ︽ᠲᠦᠭᠦᠷᠡᠩ ᠬᠠᠮᠲᠤᠯᠢᠭ︾ ᠨᠢ ᠨᠢᠭᠡᠳᠦᠭᠡᠷ ᠲᠡᠰ ᠤᠨ ᠱᠠᠩᠨᠠᠯ ᠬᠦᠷᠲᠡᠪᠡ᠃ ᠲᠤᠰ ᠵᠢᠯ ᠳᠤ ᠵᠠᠷᠤᠳ ᠬᠤᠰᠢᠭᠤᠨ ᠳᠤ ᠪᠣᠯᠤᠭᠰᠠᠨ ᠪᠦᠬᠦ ᠤᠯᠤᠰ ᠤᠨ ︽ᠮᠣᠤᠦ᠋ᠬᠢᠨ ᠬᠤᠨᠳᠠᠭᠠᠲᠤ︾ᠬᠤᠯᠪᠤᠭ᠎ᠠ ᠶᠢᠨ ᠤᠷᠤᠯᠳᠤᠭᠠᠨ ᠳᠤ ᠭᠤᠷᠪᠠᠳᠤᠭᠠᠷ ᠲᠡᠰ ᠤᠨ ᠱᠠᠩᠨᠠᠯ ᠭᠠᠷᠳᠠᠪᠠ᠃ 2009 ᠣᠨ ᠳᠤ ︽ᠮᠣᠩᠭᠤᠯ ᠸᠠᠩ ᠬᠤᠨᠲᠠᠭᠠᠳᠤ︾ ᠦᠯᠢᠭᠡᠷ ᠬᠤᠯᠪᠤᠭ᠎ᠠ᠂ ᠠᠷᠠᠳ ᠤᠨ ᠲᠠᠭᠤᠤ ᠶᠢᠨ ᠤᠷᠤᠯᠳᠤᠭᠠᠨ ᠳᠤ ᠦᠪᠡᠷᠲᠡᠭᠡᠨ ᠬᠤᠭᠤᠷᠳᠠᠵᠤ ᠲᠠᠭᠤᠯᠠᠭᠠᠳ ᠬᠤᠶᠠᠳᠤᠭᠠᠷ ᠲᠡᠰ ᠤᠨ ᠱᠠᠩᠨᠠᠯ ᠲᠤᠰᠪᠠ᠃ 2010 ᠣᠨ ᠳᠤ᠂ ᠱᠸᠡᠵᠧᠨ ᠳᠤ ᠪᠣᠯᠤᠭᠰᠠᠨ ︽ᠪᠦᠬᠦ ᠤᠯᠤᠰ ᠤᠨ ᠶᠢᠰᠦᠳᠦᠭᠡᠷ ᠬᠤᠭᠤᠴᠠᠭᠠᠨ ᠤ ᠤᠷᠠᠯᠢᠭ ᠤᠨ ᠨᠠᠶᠢᠷ︾ ᠲᠤ ︽ᠣᠭᠲᠠᠷᠭᠤᠢ ᠪᠠᠷ ᠵᠤᠭᠠᠴᠠᠭᠰᠠᠨ ᠨᠢ︾ ᠭᠡᠬᠦ ᠬᠤᠯᠪᠤᠭ᠎ᠠ ᠪᠠᠷ ᠢᠶᠠᠨ ︽ᠣᠳᠤᠨ ᠮᠡᠴᠢᠳ︾ ᠱᠠᠩᠨᠠᠯ ᠤᠨ ᠠᠯᠳᠠᠨ ᠮᠧᠲ᠋ᠠᠯ ᠬᠦᠷᠳᠡᠪᠡ᠃ ᠮᠦᠨ ᠲᠤᠰ ᠵᠢᠯ ᠳᠤ ᠶᠠᠪᠤᠭᠳᠠᠭᠰᠠᠨ ᠪᠦᠬᠦ ᠤᠯᠤᠰ ᠤᠨ ᠨᠠᠢᠮᠠᠨ ᠮᠤᠵᠢ ᠤᠷᠤᠨ ᠤ ᠲᠦᠷᠪᠡᠨ ᠤᠳᠠᠰᠤᠳᠤ ᠬᠤᠭᠤᠷ ᠤᠨ ᠭᠤᠴᠤᠯᠠᠯ ᠬᠦᠭᠵᠢᠮ ᠤᠨ ᠠᠯᠳᠠᠨ ᠮᠧᠲ᠋ᠠᠯ ᠤᠨ ᠱᠠᠩᠨᠠᠯ ᠳᠤ ᠰᠠᠭᠤᠪᠠ᠃ 2008 —2010 ᠣᠨ ᠪᠤᠯᠳᠠᠯ᠎ᠠ ᠭᠤᠷᠪᠠᠨ ᠵᠢᠯ ᠲᠠᠷᠠᠭᠠᠯᠠᠨ ᠪᠡᠭᠡᠵᠢᠩ ᠳᠤ ᠶᠠᠪᠤᠭᠳᠠᠭᠰᠠᠨ ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠤᠨ ᠨᠠᠶᠢᠷ ᠤᠨ ᠲᠤᠰᠬᠠᠢ ᠲᠤᠭᠯᠠᠯᠳᠠ ᠳᠤ ᠤᠷᠤᠯᠴᠠᠪᠠ᠃ 2016 ᠣᠨ ᠳᠤ ︽ᠬᠤᠷᠴᠢᠨ ᠬᠤᠨᠳᠠᠭᠠᠳᠤ︾ ᠠᠷᠠᠳ ᠤᠨ ᠲᠠᠭᠤᠤ ᠶᠢᠨ ᠤᠷᠤᠯᠳᠤᠭᠠᠨ ᠳᠤ ᠬᠤᠶᠠᠳᠤᠭᠠᠷ ᠲᠡᠰ ᠤᠨ ᠱᠠᠩᠨᠠᠯ ᠭᠠᠷᠳᠠᠪᠠ᠃ ᠲᠤᠰ ᠵᠢᠯ ᠳᠤ ᠪᠠᠰᠠ ᠦᠪᠦᠷ ᠮᠤᠩᠭᠤᠯ ᠤᠨ ᠤᠷᠠᠯᠢᠭ ᠤᠨ ᠲᠡᠭᠡᠳᠦ ᠰᠤᠷᠭᠠᠭᠤᠯᠢ ᠶᠢᠨ ᠡᠷᠬᠢᠯᠡᠭᠰᠡᠨ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠤᠯᠠᠮᠵᠢᠯᠠᠯᠳᠤ ᠲᠠᠭᠤᠤ ᠬᠦᠭᠵᠢᠮ ᠤᠨ ᠨᠠᠶᠢᠷ ᠤᠨ ᠲᠤᠭᠯᠠᠯᠳᠠ ᠳᠤ ᠤᠷᠢᠭᠳᠠᠨ ᠤᠷᠤᠯᠴᠠᠪᠠ᠃ 2017 ᠣᠨ ᠳᠤ᠂ ᠦᠪᠦᠷ ᠮᠤᠩᠭᠤᠯ ᠤᠨ ᠠᠩᠬᠠᠳᠤᠭᠠᠷ ᠬᠤᠭᠤᠴᠠᠭᠠᠨ ᠤ ︽ᠬᠤᠷᠴᠢᠨ ᠬᠤᠨᠳᠠᠭᠠᠳᠤ︾ ᠦᠯᠢᠭᠡᠷ ᠤᠨ ᠤᠷᠤᠯᠳᠤᠭᠠᠨ ᠪᠣᠯᠤᠨ ᠵᠠᠷᠤᠳ ᠬᠤᠰᠢᠭᠤᠨ ᠤ ᠬᠤᠶᠠᠳᠤᠭᠠᠷ ᠬᠤᠭᠤᠴᠠᠭᠠᠨ ᠤ ᠦᠯᠢᠭᠡᠷ ᠤᠨ ᠨᠠᠶᠢᠷ ᠲᠤ ᠨᠢᠭᠡᠳᠦᠭᠡᠷ ᠲᠡᠰ ᠤᠨ ᠱᠠᠩᠨᠠᠯ ᠬᠦᠷᠳᠡᠪᠡ᠃ ᠡᠭᠦᠨ ᠠᠴᠠ ᠭᠠᠳᠠᠨ᠎ᠠ ᠦᠪᠦᠷ ᠮᠤᠩᠭᠤᠯ ᠤᠨ ᠡᠯ᠎ᠡ ᠲᠡᠰ ᠤᠨ ᠴᠠᠭᠠᠨ ᠰᠠᠷ᠎ᠠ ᠶᠢᠨ ᠦᠳᠡᠰᠢᠯᠡᠭᠡ ᠳᠤ ᠤᠯᠠᠨ ᠤᠳᠠᠭ᠎ᠠ ᠤᠷᠢᠭᠳᠠᠨ ᠤᠷᠤᠯᠴᠠᠵᠠᠢ᠃   2011ᠣᠨ ᠳᠤ᠂ ᠲᠦᠩᠯᠢᠶᠤᠤ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠤᠢᠪ ᠤᠨ ᠤᠯᠠᠮᠵᠢᠯᠠᠭᠴᠢ ᠪᠠᠷ ᠴᠤᠯᠠᠯᠠᠭᠳᠠᠵᠤ᠂ 2014 ᠣᠨ ᠳᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠤᠢᠪ ᠤᠨ ᠤᠯᠠᠮᠵᠢᠯᠠᠭᠴᠢ ᠪᠠᠷ ᠨᠡᠷᠡᠶᠢᠳᠡᠭᠳᠡᠪᠡ᠃ 2014 ᠣᠨ ᠳᠤ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠭᠠᠨᠵᠤᠭ᠎ᠠ ᠪᠠᠯᠭᠠᠰᠤᠨ ᠳᠤ ︽ᠬᠠᠶᠢᠴᠢᠩ ᠰᠢᠪᠠᠭᠤ ᠶᠢᠨ ᠠᠷᠠᠳ ᠤᠨ ᠤᠷᠠᠯᠢᠭ ᠢ ᠤᠯᠠᠮᠵᠢᠯᠠᠬᠤ ᠤᠷᠳᠤᠨ︾ ᠪᠠᠶᠢᠭᠤᠯᠵᠤ᠂ ᠦᠷᠭᠡᠨ ᠤᠯᠠᠨ ᠠᠷᠠᠳ ᠤᠨ ᠤᠷᠠᠯᠢᠭᠴᠢᠳ ᠲᠤ ᠦᠨ᠎ᠡ ᠲᠦᠯᠦᠪᠦᠷᠢ ᠦᠭᠡᠢ ᠦᠢᠯᠡᠴᠢᠯᠡᠨ᠂ ᠤᠷᠠᠯᠢᠭ ᠤᠨ ᠬᠢᠷᠢ ᠪᠦᠳᠦᠮᠵᠢ ᠶᠢ ᠨᠢ ᠲᠡᠭᠡᠭᠰᠢᠯᠡᠬᠦᠯᠵᠦ ᠪᠠᠶᠢᠨ᠎ᠠ᠃ 2016 ᠣᠨ ᠳᠤ᠂ ᠠᠷᠤ ᠬᠤᠷᠴᠢᠨ ᠳᠤ ᠪᠣᠯᠤᠭᠰᠠᠨ ᠪᠦᠬᠦ ᠤᠷᠤᠨ ᠤ ᠠᠷᠠᠳ ᠤᠨ ᠲᠠᠭᠤᠤ᠂ ᠬᠤᠯᠪᠤᠭ᠎ᠠ᠂ ᠦᠯᠢᠭᠡᠷ ᠤᠨ ᠪᠤᠯᠪᠠᠰᠤᠷᠠᠯ ᠤᠨ ᠠᠩᠭᠢ ᠳᠤ ᠤᠷᠢᠭᠳᠠᠨ ᠬᠢᠴᠢᠶᠡᠯ ᠲᠠᠶᠢᠯᠤᠮᠵᠢ ᠬᠢᠪᠡ᠃ 2014 ᠣᠨ ᠠᠴᠠ ᠡᠬᠢᠯᠡᠨ ᠶᠢᠨ ᠭᠠᠩ ᠵᠡᠷᠭᠡ ᠵᠠᠯᠠᠭᠤᠴᠤᠳ ᠢ ᠱᠠᠪᠢ ᠪᠣᠯᠭᠠᠨ ᠲᠠᠭᠠᠭᠤᠯᠵᠤ ᠤᠯᠤᠰ ᠪᠠ ᠤᠷᠤᠨ ᠤ ᠲᠡᠰ ᠤᠨ ᠡᠯ᠎ᠡ ᠵᠦᠢᠯ ᠤᠨ ᠤᠷᠤᠯᠳᠤᠭᠠᠨ ᠳᠤ ᠤᠯᠠᠨ ᠤᠳᠠᠭ᠎ᠠ ᠤᠷᠤᠯᠴᠠᠭᠠᠳ ᠰᠢᠯᠢᠳᠡᠭ ᠬᠢᠷᠢ ᠪᠦᠳᠦᠮᠵᠢ ᠡᠭᠦᠳᠴᠦ ᠶᠠᠪᠤᠭ᠎ᠠ᠃ 2019 ᠤᠨ ᠤ 9 ᠰᠠᠷ᠎ᠠ ᠳᠤ ᠂ ︽ᠬᠤᠷᠴᠢᠨ ᠵᠢᠷᠤᠭ᠎ᠠ ᠮᠣᠷᠢ︾ ᠭᠡᠬᠦ ᠬᠤᠯᠪᠤᠭ᠎ᠠ ᠪᠠᠷ ᠢᠶᠠᠨ ᠲᠠᠶᠢᠸᠠᠨ ᠳᠤ ᠪᠣᠯᠤᠭᠰᠠᠨ ᠤᠯᠤᠰ ᠤᠨ ᠰᠤᠶᠤᠯ ᠤᠨ ᠶᠠᠮᠤᠨ ᠤ ᠡᠷᠬᠢᠯᠡᠭᠰᠡᠨ ᠡᠬᠡ ᠬᠠᠭᠤᠷᠠᠢ ᠪᠤᠯᠤᠨ ᠲᠠᠶᠢᠸᠠᠨ ᠤ ᠰᠤᠶᠤᠯ ᠤᠨ ᠰᠤᠯᠢᠯᠴᠠᠭ᠎ᠠ ᠳᠤ ᠤᠷᠢᠭᠳᠠᠨ ᠤᠷᠤᠯᠴᠠᠵᠤ ᠲᠤᠭᠯᠠᠯᠳᠠ ᠭᠠᠷᠭᠠᠪᠠ᠃ ᠲᠤᠰ ᠵᠢᠯ ᠤᠨ 10 ᠰᠠᠷ᠎ᠠ ᠳᠤ ᠪᠡᠭᠡᠵᠢᠩ ᠳᠤ ᠪᠣᠯᠤᠭᠰᠠᠨ ᠪᠦᠬᠦ ᠤᠯᠤᠰ ᠤᠨ ᠴᠦᠬᠡᠨ ᠲᠤᠭᠠᠳᠤ ᠦᠡᠳᠦᠰᠦᠳᠡᠨ ᠤ ᠤᠳᠠᠰᠤᠳᠤ ᠬᠦᠭᠵᠢᠮ ᠤᠨ ᠰᠤᠳᠤᠯᠤᠨ ᠶᠠᠷᠢᠯᠴᠠᠬᠤ ᠬᠤᠷᠠᠯ ᠳᠤ ᠤᠷᠢᠭᠳᠠᠨ ᠤᠷᠤᠯᠴᠠᠵᠠᠢ᠃
 
ᠢᠷᠡᠯᠲᠡ᠄ ᠦᠪᠦᠷ ᠮᠤᠩᠭᠤᠯ ᠤᠨ ᠪᠤᠳᠠᠰ ᠤᠨ ᠪᠤᠰᠤ ᠪᠠ ᠪᠤᠳᠠᠰ ᠤᠨ ᠰᠤᠶᠤᠯ ᠤᠨ ᠦᠪ ᠤᠨ ᠴᠤᠪᠤᠷᠠᠯ ᠪᠢᠴᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号