| ᠨᠡᠶᠢᠲᠡᠯᠡᠭᠰᠡᠨ ᠴᠠᠭ᠄ 2024/3/13 | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ | ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ | ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ 10 ᠤ ᠦᠳᠡ ᠶᠢᠨ ᠡᠮᠦᠨ᠎ᠡ | ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠬᠤᠷᠠᠯ ᠠᠴᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠡᠯ᠎ᠡ ᠣᠷᠣᠯᠴᠠᠭᠰᠠᠨ ᠨᠢᠭᠡᠴᠢ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠣᠯᠠᠨ ᠤ | ᠤᠬᠠᠭᠠᠨ ᠬᠠᠮᠲᠤ ᠶᠢᠨ ᠬᠦᠴᠦᠨ ᠢᠶᠠᠷ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠰᠦᠭᠡᠢ ᠭᠡᠵᠦ ᠤᠷᠢᠶᠠᠯᠠᠵᠠᠢ᠃ | | 3 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠲᠡᠭᠦᠰᠪᠡ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ | ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠬᠤᠷᠠᠯ ᠢ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠡᠷᠬᠢᠯᠡᠪᠡ᠃ ᠪᠦᠬᠦ | ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ᠂ ᠬᠤ᠋ ᠴᠦᠨ ᠬᠤᠸᠠ᠂ ᠱᠧᠨ | ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ · ᠭᠧᠯᠧᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ | ᠪᠠᠭᠠᠲᠤᠷ᠂ ᠰᠦ᠋ ᠬᠤᠢ᠂ ᠱᠣᠣ ᠬᠤᠩ᠂ ᠭᠤᠣ ᠶᠦᠨ ᠯᠦᠩ᠂ ᠴᠧᠨ ᠡᠦ᠂ ᠮᠦ ᠬᠤᠩ᠂ ᠰᠢᠶᠠᠨ ᠬᠤᠢ᠂ ᠸᠠᠩ ᠳ᠋ᠦᠩ | ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠣᠣ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ | ᠶᠦᠩ᠂ ᠵᠦ ᠶᠦᠩ ᠰᠢᠨ᠂ ᠶᠠᠩ ᠵᠧᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠠᠲᠠᠪᠠ᠃ | | 3 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠲᠡᠭᠦᠰᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ | ᠨᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ | ᠰᠡᠭᠦᠳᠡᠷᠯᠡᠪᠡ ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ | ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃ ᠦᠳᠡ ᠶᠢᠨ ᠡᠮᠦᠨᠡᠬᠢ 9 ᠴᠠᠭ ᠲᠤ ᠲᠡᠭᠦᠰᠬᠦ ᠬᠤᠷᠠᠯ ᠡᠬᠢᠯᠡᠪᠡ | ᠃ ᠸᠠᠩ ᠬᠤ᠋ ᠨᠢᠩ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠦᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠬᠤ ᠵᠣᠬᠢᠰᠲᠠᠢ ᠭᠡᠰᠢᠭᠦᠨ 2162 | ᠬᠦᠮᠦᠨ ᠪᠤᠢ᠂ ᠪᠤᠲᠠᠲᠠᠢ ᠣᠷᠣᠯᠴᠠᠭᠰᠠᠨ ᠨᠢ 2085 ᠬᠦᠮᠦᠨ ᠪᠠᠶᠢᠵᠤ᠂ ᠲᠣᠭᠲᠠᠭᠰᠠᠨ ᠬᠦᠮᠦᠨ ᠤ ᠲᠤᠭ᠎ᠠ ᠳᠤ ᠨᠡᠶᠢᠴᠡᠨ᠎ᠡ | ᠭᠡᠵᠦ ᠨᠡᠶᠢᠲᠡᠯᠡᠪᠡ᠃ | ᠬᠤᠷᠠᠯ ᠠᠴᠠ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ | ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ | ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ | ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠲᠥᠷᠥ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ | ᠵᠥᠪᠯᠡᠯ ᠤᠨ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ᠃ | ᠸᠠᠩ ᠬᠤ᠋ ᠨᠢᠩ ᠶᠠᠷᠢᠶᠠᠨ ᠳᠠᠭᠠᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ᠂ | ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ᠂ ᠢᠳᠡᠪᠬᠢ ᠬᠦᠴᠦᠨ ᠢ | ᠨᠢᠭᠲᠠᠷᠠᠭᠤᠯᠵᠤ᠂ ᠴᠤᠭ ᠰᠦᠯᠳᠡ ᠶᠢ ᠬᠥᠪᠴᠢᠯᠡᠵᠡᠢ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ | ᠲᠦᠷᠦ ᠶᠢᠨ ᠤᠳᠤᠷᠢᠳᠬᠤ ᠨᠥᠬᠦᠳ ᠶᠡᠭᠡ ᠬᠤᠷᠠᠯ ᠤᠨ ᠡᠭᠢᠯᠡᠯᠲᠡ ᠶᠢᠨ ᠬᠤᠷᠠᠯ ᠪᠣᠯᠣᠨ ᠲᠡᠭᠦᠰᠬᠦ ᠬᠤᠷᠠᠯ ᠳᠤ ᠣᠷᠣᠯᠴᠠᠵᠤ | ᠂ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ᠂ ᠭᠡᠰᠢᠭᠦᠳ ᠲᠠᠢ | ᠬᠠᠮᠲᠤ ᠪᠠᠷ ᠤᠯᠤᠰ ᠤᠨ ᠶᠡᠭᠡ ᠶᠠᠪᠤᠳᠠᠯ ᠢ ᠵᠥᠪᠯᠡᠪᠡ᠃ ᠪᠦᠭᠦ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ | ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ | ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠬᠤᠷᠠᠯ ᠵᠡᠷᠭᠡ ᠳᠤ ᠣᠷᠣᠯᠴᠠᠬᠰᠠᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ | ᠪᠣᠯᠣᠨ ᠪᠤᠰᠤᠳ ᠮᠡᠳᠡᠭᠦᠯᠦᠯᠲᠡ ᠶᠢ ᠭᠦᠨᠵᠡᠭᠡᠢ ᠶᠠᠷᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠡᠷᠭᠡ | ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠵᠠᠰᠠᠭ ᠲᠤ | ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠲᠦᠷᠦ ᠶᠢᠨ ᠶᠠᠪᠤᠳᠠᠯ ᠢ ᠵᠥᠪᠯᠡᠭᠰᠡᠨ ᠡᠯᠪᠡᠭ | ᠦᠷ᠎ᠡ ᠪᠦᠲᠦᠭᠡᠯ ᠣᠯᠪᠠ᠃ ᠪᠦᠭᠦ ᠭᠡᠰᠢᠭᠦᠳ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠳᠤᠮᠳᠠᠳᠤ ᠤᠯᠤᠰ | ᠨᠡᠷᠡᠮᠵᠢᠲᠦ︾ ᠲᠣᠮᠣ ᠬᠥᠯᠭᠡ ᠣᠩᠭᠤᠴᠠ ᠶᠢ ᠵᠢᠯᠣᠭᠤᠳᠤᠨ ᠳᠠᠪᠠᠯᠭᠠᠨ ᠢ ᠵᠦᠰᠦᠨ ᠡᠷᠡᠯᠬᠡᠭᠯᠡᠨ ᠤᠷᠤᠭᠰᠢᠯᠠᠭᠰᠠᠨ ᠢ | ᠳᠡᠭᠡᠳᠦ ᠬᠡᠮᠵᠢᠶ᠎ᠡ ᠪᠠᠷ ᠦᠨᠡᠯᠡᠪᠡ᠃ ︽ᠬᠤᠶᠠᠷ ᠢ ᠲᠣᠭᠲᠠᠭᠠᠭᠰᠠᠨ︾ ᠨᠢ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠠᠷᠭᠠᠴᠠᠭᠠᠬᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠭᠡᠳᠡᠭ ᠢ ᠪᠦᠭᠦ ᠭᠡᠰᠢᠭᠦᠳ ᠨᠡᠩ ᠭᠦᠨᠵᠡᠭᠡᠢ ᠣᠶᠢᠯᠠᠭᠠᠪᠠ ᠭᠡᠵᠡᠢ᠃ | ᠸᠠᠩ ᠬᠤ᠋ ᠨᠢᠩ᠂ ᠡᠨᠡ ᠵᠢᠯ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 | ᠵᠢᠯ ᠤᠨ ᠤᠢ ᠪᠤᠯᠬᠤ ᠪᠥᠭᠡᠳ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ | ᠪᠣᠯᠣᠨ᠎ᠠ᠃ 75 ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ | ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠰᠢᠨ᠎ᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢᠨ | ᠵᠠᠮ ᠢ ᠰᠦᠪᠡᠭᠴᠢᠯᠡᠬᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠭᠤᠤ ᠶᠡᠭᠡ ᠦᠢᠯᠡᠳᠦᠯᠭᠡ ᠳᠤ ᠢᠳᠡᠪᠬᠢᠲᠡᠢ | ᠣᠷᠣᠯᠴᠠᠵᠤ᠂ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠦᠯᠪᠡ᠃ ᠠᠷᠠᠳ ᠤᠨ ᠤᠯᠤᠰ ᠲᠦᠷᠦ ᠶᠢᠨ | ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠨᠡᠪᠲᠡᠷᠡᠲᠡᠯ᠎ᠡ ᠣᠶᠢᠯᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ | ᠤᠶᠠᠯᠳᠤᠭᠤᠯᠬᠤ ᠶᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ | ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ | ᠲᠥᠷᠥ ᠶᠢᠨ ᠵᠥᠪᠯᠡᠯᠭᠡ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ | ᠶᠠᠪᠤᠳᠠᠯ ᠢ ᠵᠥᠪᠯᠡᠬᠦ ᠲᠦᠪᠰᠢᠨ ᠢᠶᠠᠨ ᠲᠡᠭᠡᠭᠰᠢᠯᠡᠭᠦᠯᠵᠦ᠂ ᠢᠮᠠᠭᠲᠠ ᠨᠠᠮ ᠪᠠ ᠤᠯᠤᠰ ᠤᠨ ᠠᠵᠢᠯ ᠦᠢᠯᠡᠰ ᠤᠨ ᠶᠡᠭᠡ | ᠲᠠᠯ᠎ᠠ ᠶᠢ ᠪᠣᠳᠣᠯᠬᠢᠯᠠᠨ ᠠᠵᠢᠯ ᠢᠶᠠᠨ ᠥᠷᠨᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠠᠢ ᠨᠢᠭᠲᠠ ᠤᠶᠠᠯᠳᠤᠭᠤᠯᠤᠨ ᠡᠭᠦᠷᠭᠡ ᠴᠢᠳᠠᠪᠬᠢ ᠪᠠᠨ ᠭᠦᠢᠴᠡᠳᠬᠡᠵᠦ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠤᠮᠳᠠ | ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠳᠤ ᠣᠷᠣᠯᠴᠠᠬᠰᠠᠨ ᠡᠯ᠎ᠡ ᠨᠠᠮ ᠪᠦᠯᠦᠭ ᠪᠦᠯᠭᠦᠮ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ | ᠨᠠᠮ ᠤᠨ ᠦᠭᠡ ᠶᠢ ᠡᠷᠡᠰ ᠪᠠᠲᠤ ᠰᠣᠨᠣᠰᠴᠤ᠂ ᠨᠠᠮ ᠢᠶᠠᠨ ᠳᠠᠭᠠᠬᠤ ᠶᠢ ᠪᠦᠯᠬᠦᠮᠳᠡᠭᠦᠯᠦᠨ ᠵᠢᠯᠤᠭᠤᠳᠬᠤ ᠬᠡᠷᠡᠭᠲᠡᠢ᠃ | ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠬᠤ ᠪᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠶᠡᠭᠡ ᠪᠦᠯᠬᠦᠮᠳᠡᠯ ᠶᠡᠭᠡ ᠬᠤᠯᠪᠣᠭᠠᠯᠠᠯ ᠢ | ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠷᠭᠡᠨ ᠳᠡᠯᠭᠡᠷ ᠢᠶᠠᠷ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ ᠭᠡᠵᠦ ᠢᠯᠡᠳᠬᠡᠪᠡ᠃ | ᠸᠠᠩ ᠬᠤ᠋ ᠨᠢᠩ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠪᠢᠴᠢᠭᠯᠡᠵᠦ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠢᠯᠡᠳᠬᠡᠪᠡ᠃ | | ᠲᠡᠭᠦᠰᠬᠦ ᠬᠤᠷᠠᠯ ᠳᠤ ᠣᠷᠣᠯᠴᠠᠬᠰᠠᠨ ᠤᠳᠤᠷᠢᠳᠬᠤ ᠨᠥᠬᠦᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ | ᠯᠢᠦ ᠭᠦᠸᠧ ᠵᠦᠩ᠂ ᠯᠢ ᠭᠠᠨ ᠵᠢᠶᠧ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ | ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ | ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ᠂ | ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ | ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ᠋ᠢ · ᠵᠠᠺᠧᠯ᠂ ᠦ᠋ ᠵᠧᠩ ᠯᠦᠩ᠂ | ᠱᠧᠨ ᠢ ᠴᠢᠨ᠂ ᠵᠠᠩ ᠵᠢᠶᠦ᠋ᠨ᠂ ᠶᠢᠩ ᠶᠦᠩ ᠨᠠᠷ ᠪᠠᠶᠢᠨ᠎ᠠ᠃ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠡᠭᠦᠰᠬᠦ ᠬᠤᠷᠠᠯ ᠳᠤ ᠰᠤᠯᠠ ᠣᠷᠣᠯᠴᠠᠵᠠᠢ᠃ ᠳᠤᠮᠳᠠᠳᠤ | ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ | ᠤᠷᠢᠯᠭ᠎ᠠ ᠪᠠᠷ ᠲᠡᠭᠦᠰᠬᠦ ᠬᠤᠷᠠᠯ ᠳᠤ ᠣᠷᠣᠯᠴᠠᠪᠠ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ | ᠳᠠᠭᠤᠤ ᠶᠢᠨ ᠳᠤᠮᠳᠠ ᠲᠡᠭᠦᠰᠪᠡ᠃ | ᠢᠷᠡᠯᠲᠡ᠄ ᠦᠪᠦᠷ ᠮᠣᠩᠭᠤᠯ ᠤᠨ ᠦᠪᠡᠷᠳᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ | |