| ᠨᠡᠶᠢᠲᠡᠯᠡᠭᠰᠡᠨ ᠴᠠᠭ᠄ 2024/3/13 | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ ︽ᠰᠢ ᠶᠢᠨ ᠫᠢᠩ ᠤᠨ ᠵᠣᠬᠢᠶᠠᠯ | ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠠᠩᠭ᠍ᠯᠢ ᠬᠡᠯᠡᠨ ᠤ ᠬᠡᠪᠯᠡᠯ ᠢ ᠣᠶᠢᠷ᠎ᠠ ᠶᠢᠨ | ᠡᠳᠦᠷ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ | ᠲᠠᠷᠬᠠᠭᠠᠪᠠ᠃ | ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠳᠤ | ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 11 ᠰᠠᠷ᠎ᠠ ᠠᠴᠠ 2022 ᠣᠨ ᠤ 10 ᠰᠠᠷ᠎ᠠ ᠪᠤᠯᠲᠠᠯᠠᠭᠢ | ᠬᠤᠭᠤᠴᠠᠭᠠᠨ ᠳᠠᠬᠢ ᠴᠢᠬᠤᠯᠠ ᠵᠣᠬᠢᠶᠠᠯ ᠪᠦᠲᠦᠭᠡᠯ ᠢ ᠣᠷᠣᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ | ᠳᠡᠭᠡᠷ᠎ᠡ ᠬᠢᠭᠰᠡᠨ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ | ᠪᠦᠯᠬᠦᠮᠳᠡᠨ ᠲᠡᠮᠡᠴᠡᠰᠦᠭᠡᠢ︾ ᠭᠡᠬᠦ ᠢᠯᠡᠳᠬᠡᠯ ᠢᠶᠠᠷ ᠡᠭᠢᠯᠡᠯᠲᠡ ᠪᠤᠯᠭᠠᠵᠤ᠂ ᠪᠤᠰᠤᠳ ᠵᠣᠬᠢᠶᠠᠯ ᠪᠦᠲᠦᠭᠡᠯ ᠤᠳ ᠢ ᠴᠠᠭ ᠤᠨ | ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠪᠠ᠃ | ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠰᠢᠨ᠎ᠡ ᠴᠠᠭ ᠦᠶ᠎ᠡ ᠶᠢ ᠡᠭᠦᠳᠦᠨ ᠨᠡᠭᠡᠭᠡᠬᠦ ᠶᠢᠨ ᠵᠡᠷᠭᠡ ᠪᠠᠷ ᠲᠠᠰᠤᠷᠠᠯᠳᠡ ᠦᠭᠡᠢ ᠰᠢᠨ᠎ᠡ ᠢᠯᠠᠯᠲᠠ ᠶᠢ ᠲᠡᠮᠡᠴᠡᠨ ᠣᠯᠵᠤ | ᠪᠠᠶᠢᠭ᠎ᠠ ᠠᠭᠤᠤ ᠶᠡᠭᠡ ᠲᠡᠦᠬᠡᠨ ᠶᠠᠪᠤᠴᠠ ᠶᠢ ᠠᠮᠢᠳᠤᠯᠢᠭ ᠢᠶᠠᠷ ᠲᠡᠮᠳᠡᠭᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠡᠪ ᠬᠠᠮᠲᠤᠴᠤᠳ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠤᠭᠠᠳ | ᠣᠯᠣᠭᠰᠠᠨ ᠴᠢᠬᠤᠯᠠ ᠶᠡᠭᠡ ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠲᠤᠰᠬᠠᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ | ᠬᠥᠲᠥᠯᠥᠨ ᠳᠠᠭᠠᠭᠤᠯᠬᠤ ᠦᠨᠡᠨ ᠶᠣᠰᠣᠨ ᠤ ᠬᠦᠴᠦᠨ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠭᠦᠢᠴᠡᠳ | ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ | ᠪᠠᠶᠢᠭᠤᠯᠬᠤ ᠪᠠᠷ ᠮᠡᠷᠡᠶᠢᠨ ᠴᠢᠷᠮᠠᠶᠢᠵᠤ ᠪᠠᠶᠢᠭ᠎ᠠ ᠳᠤᠮᠳᠠᠳᠤ ᠤᠯᠤᠰ ᠤᠨ ᠤᠶᠤᠨ ᠤᠬᠠᠭᠠᠨ ᠪᠣᠯᠣᠨ ᠳᠤᠮᠳᠠᠳᠤ ᠤᠯᠤᠰ ᠤᠨ | ᠬᠠᠷᠢᠭᠤᠴᠠᠯᠭ᠎ᠠ ᠶᠢ ᠪᠣᠰᠤᠭ᠎ᠠ ᠴᠣᠭᠴᠠ ᠪᠠᠷ ᠢᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠲᠤᠰᠬᠠᠭᠰᠠᠨ | ᠡᠷᠬᠡ ᠰᠦᠷᠲᠦ ᠵᠣᠬᠢᠶᠠᠯ ᠪᠦᠲᠦᠭᠡᠯ ᠪᠣᠯᠣᠨ᠎ᠠ᠃ | ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ | ᠠᠩᠭ᠍ᠯᠢ ᠬᠡᠯᠡᠨ ᠤ ᠬᠡᠪᠯᠡᠯ ᠢ ᠭᠠᠳᠠᠭᠠᠳᠤ ᠳᠤ ᠬᠡᠪᠯᠡᠨ ᠲᠠᠷᠬᠠᠭᠠᠭᠰᠠᠨ ᠨᠢ ᠭᠠᠳᠠᠭᠠᠳᠤ ᠶᠢᠨ ᠤᠩᠰᠢᠭᠴᠢᠳ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠢᠰᠲ᠋ᠧᠮ ᠲᠠᠢ ᠣᠶᠢᠯᠠᠭᠠᠬᠤ ᠳᠤ ᠲᠤᠰᠠᠲᠠᠢ ᠪᠠᠶᠢᠵᠤ᠂ ᠳᠡᠯᠡᠬᠡᠢ ᠨᠡᠶᠢᠭᠡᠮ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠲᠤᠬᠠᠢ ᠲᠠᠨᠢᠯᠲᠠ ᠪᠠ | ᠣᠶᠢᠯᠠᠭᠠᠯᠲᠠ ᠶᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ |