| ᠨᠡᠶᠢᠲᠡᠯᠡᠭᠰᠡᠨ ᠴᠠᠭ᠄ 2024/3/13 | 2024 ᠣᠨ ᠤ 3 ᠰᠠᠷ᠎ᠠ ᠶᠢᠨ 11 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ︶ ᠰᠢᠨᠬᠤᠸᠠ ᠬᠤᠷᠢᠶ᠎ᠠ ᠶᠢᠨ | ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠪᠡ | ᠃ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ | ᠢᠯᠡᠳᠬᠡᠯ ᠳᠤ ᠳᠤᠷᠠᠳᠤᠭᠰᠠᠨ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ | ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ᠂ ᠡᠨᠡ ᠬᠦ ᠢᠯᠡᠳᠬᠡᠯ ᠢ | ᠵᠥᠪᠰᠢᠶᠡᠷᠡᠬᠦ ᠪᠠᠷ ᠲᠣᠭᠲᠠᠪᠠ᠃ ᠬᠤᠷᠠᠯ ᠠᠴᠠ᠂ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ | ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ | ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠤᠨ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ᠂ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ | ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ | ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠪᠠᠶᠢᠳᠠᠯ ᠢ ᠪᠠᠬᠢᠵᠢᠭᠦᠯᠦᠨ | ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ | ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ | ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠬᠦ ᠠᠳᠬᠤᠵᠤ ᠪᠣᠳᠠᠲᠠᠢ | ᠠᠵᠢᠯᠯᠠᠵᠤ᠂ ᠪᠦᠯᠬᠦᠮᠳᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ | ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠨ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠠᠶᠠᠷᠯᠠᠨ ᠤᠭᠲᠤᠶ᠎ᠠ ᠭᠡᠵᠦ | ᠤᠷᠢᠶᠠᠯᠠᠪᠠ︕ | ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ | |