ᠲᠦᠷᠪᠡ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠠᠯᠳᠠᠭ᠎ᠠ ᠪᠤᠷᠤᠭᠤ ᠶᠢ | ᠴᠥᠮ ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠦᠬᠦ ᠤᠯᠤᠰ ᠲᠠᠢ ᠠᠳᠠᠯᠢ ᠪᠠᠷ᠂ ᠨᠡᠶᠢᠭᠡᠮ ᠵᠢᠷᠤᠮ ᠤᠨ | ᠦᠢᠯᠡᠰ ᠤᠨ ᠬᠠᠶᠢᠨ ᠰᠦᠪᠡᠭᠴᠢᠯᠡᠯᠲᠡ ᠶᠢᠨ ᠦᠢᠯᠡᠳᠦᠯᠭᠡ ᠳᠤᠮᠳᠠ ᠪᠠᠰᠠ ᠠᠯᠳᠠᠰᠢ ᠨᠤᠭᠤᠷᠠᠯ ᠪᠦᠳᠦᠷᠢᠯ ᠢ | ᠥᠩᠭᠡᠷᠡᠭᠡᠵᠦ᠂ ᠤᠷᠤᠭᠰᠢᠯᠠᠯᠲᠠ ᠶᠢᠨ ᠵᠠᠮ ᠳᠠᠭᠠᠨ ᠴᠤ ᠨᠠᠮ ᠤᠨ ᠲᠥᠪ ᠬᠤᠷᠢᠶᠠᠨ ᠤ ᠬᠡᠯᠪᠡᠷᠢᠯ ᠢ ᠵᠠᠯᠠᠷᠠᠭᠤᠯᠬᠤ | ᠵᠥᠪ ᠴᠢᠭᠯᠡᠯ ᠠᠴᠠ ᠰᠠᠯᠤᠭᠰᠠᠨ ᠦᠭᠡᠢ ᠶᠤᠮ᠃ | ᠨᠢᠭᠡ ᠳᠤ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠢ ᠵᠢᠯᠣᠭᠤᠳᠤᠨ ᠲᠠᠷᠢᠶᠠᠯᠠᠬᠤ ᠣᠷᠣᠨ ᠤ ᠭᠠᠵᠠᠷ | ᠲᠠᠷᠢᠶᠠᠨ ᠤ ᠥᠭᠡᠷᠡᠴᠢᠯᠡᠯᠲᠡ ᠶᠢᠨ ᠳᠤᠮᠳᠠᠬᠢ ︽ᠵᠡᠭᠦᠨ︾ ᠤ ᠬᠡᠯᠪᠡᠷᠢᠯ ᠢ ᠵᠠᠯᠠᠷᠠᠭᠤᠯᠪᠠ᠃ 1947 ᠣᠨ ᠤ 11 | ᠰᠠᠷ᠎ᠠ ᠳᠤ᠂ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠪᠣᠯᠣᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠵᠠᠰᠠᠭ ᠤᠨ ᠣᠷᠳᠣᠨ ᠥᠪᠥᠷ ᠮᠣᠩᠭᠤᠯ ᠤᠨ ᠴᠢᠯᠦᠭᠡᠯᠡᠭᠳᠡᠭᠰᠡᠨ ᠣᠷᠣᠨ ᠤ ᠬᠥᠳᠡᠭᠡ | ᠲᠣᠰᠬᠤᠨ ᠳᠤ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠠᠵᠢᠯ ᠢ ᠡᠬᠢᠯᠡᠨ ᠥᠷᠨᠢᠭᠦᠯᠵᠡᠢ᠃ ᠭᠠᠵᠠᠷ ᠲᠠᠷᠢᠶᠠᠨ ᠤ | ᠥᠭᠡᠷᠡᠴᠢᠯᠡᠯᠲᠡ ᠶᠢᠨ ᠡᠬᠢᠨ ᠤ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠤᠨ ᠭᠠᠵᠠᠷ ᠲᠠᠷᠢᠶᠠᠨ ᠤ | ᠥᠭᠡᠷᠡᠴᠢᠯᠡᠯᠲᠡ ᠶᠢᠨ ᠠᠵᠢᠯ ᠳᠤ ᠠᠳᠠᠯᠢ ᠪᠤᠰᠤ ᠬᠡᠮᠵᠢᠶ᠎ᠡ ᠪᠠᠷ ︽ᠵᠡᠭᠦᠨ︾ ᠤ ᠬᠡᠯᠪᠡᠷᠢᠯ ᠭᠠᠷᠴᠠᠢ᠃ ᠭᠤᠣᠯ | ᠢᠯᠡᠷᠡᠯ ᠨᠢ᠄ ᠠᠩᠭᠢ ᠢᠯᠭᠠᠬᠤ ᠨᠢᠭᠡᠳᠦᠯᠲᠡᠢ ᠪᠠᠷᠢᠮᠵᠢᠶ᠎ᠠ ᠦᠭᠡᠢ ᠠᠴᠠ ᠪᠣᠯᠵᠤ᠂ ᠬᠡᠰᠡᠭ ᠲᠠᠷᠢᠶᠠᠴᠢᠨ ᠤ | ᠪᠦᠷᠢᠯᠳᠦᠭᠦᠨ ᠢ ᠪᠤᠷᠤᠭᠤᠳᠠᠭᠤᠯᠤᠨ᠂ ᠴᠣᠬᠢᠯᠲᠠ ᠥᠭᠬᠦ ᠬᠡᠪᠴᠢᠶ᠎ᠡ ᠶᠢ ᠥᠷᠭᠡᠳᠬᠡᠵᠦ᠂ ᠳᠤᠮᠳᠠ ᠲᠠᠷᠢᠶᠠᠴᠢᠨ ᠤ | ᠠᠰᠢᠭ ᠲᠤᠰᠠ ᠨᠡᠶᠢᠳᠡᠮ ᠳᠡᠭᠡᠨ ᠬᠤᠬᠢᠷᠠᠯ ᠳᠤ ᠤᠴᠠᠷᠠᠪᠠ᠃ ᠡᠨᠡ ᠬᠦ ︽ᠵᠡᠭᠦᠨ︾ ᠤ ᠬᠡᠯᠪᠡᠷᠢᠯ ᠨᠢ ᠭᠠᠵᠠᠷ | ᠲᠠᠷᠢᠶᠠᠨ ᠤ ᠥᠭᠡᠷᠡᠴᠢᠯᠡᠯᠲᠡ ᠶᠢᠨ ᠠᠵᠢᠯ ᠤᠨ ᠡᠷᠡᠭᠦᠯ ᠢᠶᠠᠷ ᠬᠥᠭᠵᠢᠬᠦ ᠶᠢ ᠬᠦᠨᠳᠦ ᠨᠣᠴᠢᠲᠠᠢ ᠬᠠᠷᠰᠢᠯᠠᠵᠤ᠂ ᠤᠯᠠᠨ | ᠲᠦᠮᠡᠨ ᠤ ᠢᠳᠡᠪᠬᠢᠵᠢᠯ ᠢ ᠮᠢᠲᠠᠷᠠᠭᠤᠯᠵᠤ᠂ ᠬᠤᠪᠢᠰᠬᠠᠯᠲᠤ ᠲᠡᠮᠡᠴᠡᠯ ᠳᠤ ᠨᠠᠵᠠᠭᠠᠢ ᠨᠥᠯᠥᠭᠡ ᠦᠵᠡᠭᠦᠯᠦᠭᠰᠡᠨ | ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠥᠪᠥᠷ ᠮᠣᠩᠭᠤᠯ ᠤᠨ ᠴᠢᠯᠦᠭᠡᠯᠡᠭᠳᠡᠭᠰᠡᠨ | ᠣᠷᠣᠨ ᠢ ᠪᠠᠭᠲᠠᠭᠠᠭᠰᠠᠨ ᠰᠢᠨ᠎ᠡ ᠴᠢᠯᠦᠭᠡᠯᠡᠭᠳᠡᠭᠰᠡᠨ ᠣᠷᠣᠨ ᠨᠤᠭᠤᠳ ᠤᠨ ᠭᠠᠵᠠᠷ ᠲᠠᠷᠢᠶᠠᠨ ᠤ ᠥᠭᠡᠷᠡᠴᠢᠯᠡᠯᠲᠡ | ᠳᠤᠮᠳᠠ ᠭᠠᠷᠤᠭᠰᠠᠨ ᠠᠳᠡᠭᠦᠦ ᠪᠤᠷᠤᠭᠤ ᠶᠢ ᠰᠡᠷᠭᠡᠭ ᠢᠶᠠᠷ ᠰᠡᠷᠡᠵᠦ ᠮᠡᠳᠡᠭᠰᠡᠨ ᠪᠠᠶᠢᠨ᠎ᠠ᠃ 1948 ᠣᠨ ᠤ 2 | ᠰᠠᠷ᠎ᠠ ᠶᠢᠨ 6 ᠤ ᠡᠳᠦᠷ ᠪᠠ 2 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠠᠴᠠ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠵᠢᠭᠤᠷᠠᠯᠳᠤᠭᠠᠨ ᠳᠤ ︽ᠭᠠᠵᠠᠷ ᠤᠨ ᠡᠵᠡᠨ ᠪᠠ ᠪᠠᠶᠠᠨ | ᠲᠠᠷᠢᠶᠠᠴᠢᠨ ᠤ ᠵᠠᠭᠠᠭ ᠢᠯᠭᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠵᠡᠭᠦᠨ ᠬᠤᠶᠢᠲᠤ ᠶᠢᠨ ᠲᠣᠪᠴᠢᠶ᠎ᠠ ᠳᠤ ᠥᠭᠭᠦᠭᠰᠡᠨ ᠵᠢᠭᠠᠪᠤᠷᠢ︾ | ᠪᠠ ︽ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠴᠣᠬᠢᠯᠲᠠ ᠥᠭᠬᠦ ᠬᠡᠪᠴᠢᠶ᠎ᠡ ᠶᠢ ᠳᠠᠷᠤᠢ ᠲᠦᠷᠭᠡᠨ ᠵᠠᠯᠠᠷᠠᠭᠤᠯᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠢᠭᠠᠪᠤᠷᠢ︾ ᠶᠢ ᠲᠤᠰ ᠲᠤᠰ | ᠪᠠᠭᠤᠯᠭᠠᠵᠤ᠂ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠠᠵᠢᠯ ᠤᠨ ᠲᠦᠷᠦ ᠶᠢᠨ ᠪᠣᠳᠣᠯᠭ᠎ᠠ᠂ ᠠᠷᠭ᠎ᠠ | ᠪᠣᠳᠣᠯᠭ᠎ᠠ ᠶᠢ ᠵᠠᠯᠠᠷᠠᠭᠤᠯᠵᠤ᠂ ᠲᠣᠬᠢᠷᠠᠭᠤᠯᠤᠨ ᠲᠡᠭᠦᠯᠳᠡᠷᠵᠢᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠪᠣᠯᠣᠨ ᠵᠡᠭᠦᠨ ᠬᠤᠶᠢᠲᠤ ᠣᠷᠣᠨ ᠤ ᠲᠣᠪᠴᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠪᠠ | ᠵᠢᠯᠣᠭᠤᠳᠤᠯᠭ᠎ᠠ ᠳᠣᠣᠷ᠎ᠠ᠂ ᠥᠪᠥᠷ ᠮᠣᠩᠭᠤᠯ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠥᠭᠡᠷᠡᠴᠢᠯᠡᠯᠲᠡ ᠶᠢᠨ | ᠠᠵᠢᠯ ᠤᠨ ᠵᠠᠷᠢᠮ ᠪᠤᠷᠤᠭᠤ ᠠᠷᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠴᠢᠯᠦᠭᠡᠯᠡᠭᠳᠡᠭᠰᠡᠨ ᠣᠷᠣᠨ ᠤ ᠬᠥᠳᠡᠭᠡ | ᠲᠣᠰᠬᠤᠨ ᠤ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠬᠥᠳᠡᠯᠭᠡᠭᠡᠨ ᠢ ᠲᠥᠯᠥᠪᠯᠡᠭᠡ ᠲᠠᠢ᠂ ᠠᠯᠬᠤᠮ | ᠲᠠᠷᠠᠭ᠎ᠠ ᠲᠠᠢ ᠪᠠᠷ ᠵᠥᠪ ᠵᠠᠮ ᠢᠶᠠᠷ ᠬᠥᠭᠵᠢᠭᠦᠯᠵᠡᠢ᠃ | ᠬᠤᠶᠠᠷ ᠲᠤ ᠥᠪᠥᠷ ᠮᠣᠩᠭᠤᠯ ᠢ ᠵᠢᠯᠣᠭᠤᠳᠤᠨ ᠮᠠᠯᠵᠢᠬᠤ ᠣᠷᠣᠨ ᠤ ᠠᠷᠠᠳᠴᠢᠯᠠᠭᠰᠠᠨ ᠥᠭᠡᠷᠡᠴᠢᠯᠡᠯᠲᠡ ᠶᠢᠨ | ᠳᠤᠮᠳᠠᠬᠢ ︽ᠵᠡᠭᠦᠨ︾ ᠤ ᠬᠡᠯᠪᠡᠷᠢᠯ ᠢ ᠵᠠᠯᠠᠷᠠᠭᠤᠯᠪᠠ᠃ 1947 ᠣᠨ ᠤ 11 ᠰᠠᠷ᠎ᠠ ᠳᠤ᠂ ᠮᠠᠯᠵᠢᠬᠤ ᠣᠷᠣᠨ ᠤ | ᠠᠷᠠᠳᠴᠢᠯᠠᠭᠰᠠᠨ ᠥᠭᠡᠷᠡᠴᠢᠯᠡᠯᠲᠡ ᠶᠢᠨ ᠡᠬᠢᠨ ᠤ ᠦᠶ᠎ᠡ ᠳᠤ᠂ ᠥᠪᠥᠷ ᠮᠣᠩᠭᠤᠯ ᠤᠨ ᠵᠠᠷᠢᠮ ᠭᠠᠵᠠᠷ ᠣᠷᠣᠨ ᠳᠤ | ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠠᠵᠢᠯ ᠤᠨ ᠠᠷᠭ᠎ᠠ ᠶᠢ ᠰᠣᠬᠤᠷ ᠪᠠᠯᠠᠢ ᠪᠠᠷ | ᠨᠡᠭᠦᠯᠭᠡᠨ ᠬᠡᠷᠡᠭᠯᠡᠵᠦ᠂ ︽ᠮᠠᠯᠴᠢᠳ ᠢ ᠮᠠᠯ ᠲᠠᠢ ᠪᠣᠯᠭᠠᠬᠤ︾᠂ ︽ᠹᠧᠣᠳᠠᠯ ᠢ ᠲᠤᠶᠢᠯᠪᠤᠷᠢᠲᠠᠢ ᠤᠰᠠᠳᠬᠠᠬᠤ︾ | ᠵᠡᠷᠭᠡ ᠵᠠᠷᠢᠮ ︽ᠵᠡᠭᠦᠨ︾ ᠤ ᠤᠷᠢᠶ᠎ᠠ ᠶᠢ ᠳᠤᠷᠠᠳᠤᠨ ᠭᠠᠷᠭᠠᠵᠤ᠂ ᠡᠵᠡᠮᠰᠢᠵᠦ ᠪᠠᠶᠢᠭ᠎ᠠ ᠮᠠᠯ ᠤᠨᠤᠭ᠎ᠠ᠂ ᠡᠳ᠋ | ᠬᠥᠷᠥᠩᠭᠡ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ ᠮᠠᠯᠴᠢᠳ ᠤᠨ ᠳᠤᠮᠳᠠ ᠱᠠᠲᠤ ᠬᠤᠪᠢᠶᠠᠵᠤ᠂ ᠪᠤᠷᠤᠭᠤ | ᠬᠤᠪᠢᠶᠠᠷᠢᠯᠠᠬᠤ ᠦᠵᠡᠭᠳᠡᠯ ᠭᠠᠷᠴᠤ᠂ ᠬᠡᠰᠡᠭ ᠦᠨᠳᠦᠰᠦᠨ ᠤᠯᠠᠨ ᠲᠦᠮᠡᠨ ᠢ ᠮᠠᠯ ᠤᠨ ᠡᠵᠡᠨ᠂ ᠪᠠᠶᠠᠨ | ᠮᠠᠯᠴᠢᠨ ᠢᠶᠠᠷ ᠲᠣᠭᠲᠠᠭᠠᠵᠠᠢ᠃ ᠮᠠᠯ ᠤᠨ ᠡᠵᠡᠨ ᠤ ᠮᠠᠯ ᠤᠨᠤᠭ᠎ᠠ ᠪᠣᠯᠣᠨ ᠪᠤᠰᠤᠳ ᠡᠳ᠋ ᠬᠥᠷᠥᠩᠭᠡ ᠶᠢ ᠪᠦᠬᠦᠨ ᠢ | ᠬᠤᠷᠢᠶᠠᠨ ᠠᠪᠬᠤ ᠶᠢᠨ ᠬᠠᠮᠲᠤ ᠲᠡᠭᠰᠢ ᠪᠠᠷ ᠬᠤᠪᠢᠶᠠᠷᠢᠯᠠᠬᠤ ᠠᠷᠭ᠎ᠠ ᠠᠪᠤᠭᠰᠠᠨ ᠠᠴᠠ ᠮᠠᠯᠵᠢᠬᠤ ᠣᠷᠣᠨ ᠳᠤ ᠮᠠᠯ | ᠰᠦᠷᠦᠭ ᠤᠨ ᠪᠦᠲᠦᠴᠡ ᠡᠪᠳᠡᠭᠳᠡᠭᠰᠡᠨ ᠠᠰᠠᠭᠤᠳᠠᠯ ᠭᠠᠷᠴᠤ᠂ ᠪᠠᠰᠠ ᠮᠠᠯ ᠤᠨᠤᠭ᠎ᠠ ᠶᠢ ᠠᠯᠠᠵᠤ ᠨᠢᠲᠤᠯᠬᠤ᠂ | ᠰᠢᠯᠵᠢᠭᠦᠯᠬᠦ᠂ ᠬᠤᠳᠠᠯᠳᠤᠬᠤ ᠵᠡᠷᠭᠡ ᠬᠡᠪ ᠤᠨ ᠪᠤᠰᠤ ᠠᠰᠠᠭᠤᠳᠠᠯ ᠭᠠᠷᠴᠤ᠂ ᠮᠠᠰᠢ ᠤᠯᠠᠨ ᠮᠠᠯᠵᠢᠬᠤ ᠣᠷᠣᠨ ᠤ ᠮᠠᠯ | ᠤᠨᠤᠭ᠎ᠠ ᠶᠢᠨ ᠲᠤᠭ᠎ᠠ ᠲᠦᠷᠭᠡᠨ ᠢᠶᠠᠷ ᠪᠠᠭᠤᠷᠠᠵᠤ᠂ ᠮᠠᠯ ᠠᠵᠤ ᠠᠬᠤᠢ ᠬᠦᠨᠳᠦ ᠨᠣᠴᠢᠲᠠᠢ ᠬᠤᠬᠢᠷᠠᠯ ᠳᠤ ᠤᠴᠠᠷᠠᠪᠠ | ᠃ ᠡᠨᠡ ᠬᠦ ᠪᠠᠶᠢᠳᠠᠯ ᠳᠤ ᠴᠢᠭᠯᠡᠭᠦᠯᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ | ᠬᠤᠶᠢᠲᠤ ᠣᠷᠣᠨ ᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠥᠷ ᠮᠣᠩᠭᠤᠯ ᠤᠨ ᠮᠠᠯᠵᠢᠬᠤ | ᠣᠷᠣᠨ ᠤ ᠥᠭᠡᠷᠡᠴᠢᠯᠡᠯᠲᠡ ᠶᠢᠨ ᠠᠵᠢᠯ ᠳᠤ ᠠᠯᠢ ᠤᠯᠠᠨ ᠵᠢᠭᠠᠪᠤᠷᠢ ᠥᠭᠪᠡ᠃ ᠵᠡᠭᠦᠨ ᠬᠤᠶᠢᠲᠤ ᠶᠢᠨ | ᠲᠣᠪᠴᠢᠶ᠎ᠠ ᠠᠴᠠ ︽ᠳᠤᠮᠳᠠᠳᠤ ᠤᠯᠤᠰ ᠤᠨ ᠭᠠᠵᠠᠷ ᠰᠢᠷᠣᠢ ᠶᠢᠨ ᠬᠠᠤᠯᠢ ᠶᠢᠨ ᠲᠣᠪᠴᠢ︾ ᠶᠢᠨ ᠵᠣᠷᠢᠭ ᠰᠠᠨᠠᠭ᠎ᠠ ᠶᠢ | ᠬᠡᠷᠡᠭᠯᠡᠵᠦ ᠪᠣᠯᠣᠨ᠎ᠠ᠂ ᠭᠡᠪᠡᠴᠦ ᠥᠪᠥᠷ ᠮᠣᠩᠭᠤᠯ ᠣᠷᠣᠨ ᠤ ᠪᠣᠳᠠᠲᠤ ᠪᠠᠶᠢᠳᠠᠯ ᠢ ᠦᠨᠳᠦᠰᠦᠯᠡᠬᠦ ᠬᠡᠷᠡᠭᠲᠡᠢ᠂ | ᠲᠡᠮᠡᠴᠡᠯ ᠤᠨ ᠬᠡᠯᠪᠡᠷᠢ ᠶᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠪᠣᠯᠬᠤ ᠦᠭᠡᠢ᠂ ᠲᠦᠷᠦ ᠶᠢᠨ ᠪᠣᠳᠣᠯᠭ᠎ᠠ ᠶᠢ | ᠰᠠᠶᠢᠲᠤᠷ ᠡᠵᠡᠮᠰᠢᠬᠦ ᠬᠡᠷᠡᠭᠲᠡᠢ᠂ ᠪᠣᠯᠭᠤᠮᠵᠢᠯᠠᠬᠤ ᠦᠭᠡᠢ ᠪᠣᠯ ᠢᠯᠠᠭᠳᠠᠵᠤ ᠮᠡᠳᠡᠨ᠎ᠠ ᠭᠡᠵᠦ ᠵᠢᠭᠠᠵᠤ ᠭᠠᠷᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠣᠷᠣᠨ ᠤ ᠲᠣᠪᠴᠢᠶ᠎ᠠ ᠶᠢᠨ | ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ︽ ᠭᠤᠷᠪᠠ ᠪᠤᠯᠬᠤ ᠦᠭᠡᠢ ᠬᠤᠶᠠᠷ ᠲᠤ | ᠠᠰᠢᠭᠲᠠᠢ ᠪᠠᠶᠢᠯᠭᠠᠬᠤ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ | ᠂ ᠮᠠᠯᠵᠢᠬᠤ ᠣᠷᠣᠨ ᠤ ᠠᠷᠠᠳᠴᠢᠯᠠᠭᠰᠠᠨ ᠥᠭᠡᠷᠡᠴᠢᠯᠡᠯᠲᠡ ᠶᠢᠨ ᠤᠷᠤᠭᠰᠢᠲᠠᠢ ᠪᠥᠭᠡᠳ ᠲᠣᠭᠲᠠᠭᠤᠨ ᠢᠶᠠᠷ | ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃ | ᠭᠤᠷᠪᠠ ᠳᠤ᠂ ᠨᠠᠮ ᠤᠨ ᠲᠥᠪ ᠬᠤᠷᠢᠶ᠎ᠠ ᠰᠣᠶᠣᠯ ᠤᠨ ᠶᠡᠭᠡ ᠬᠤᠪᠢᠰᠬᠠᠯ ᠤᠨ ᠳᠤᠮᠳᠠᠬᠢ ᠬᠠᠮᠤᠭ ᠤᠨ | ᠰᠠᠮᠠᠭᠤᠨ ᠦᠶ᠎ᠡ ᠳᠤ ᠲᠣᠭᠤᠷᠢᠭ ᠬᠤᠪᠢᠶᠠᠨ ᠴᠡᠷᠢᠭ ᠢᠶᠠᠷ ᠵᠠᠬᠢᠷᠴᠤ᠂ ᠥᠪᠥᠷ ᠮᠣᠩᠭᠤᠯ ᠤᠨ ᠪᠠᠶᠢᠳᠠᠯ ᠢ ᠲᠤᠶᠢᠯ ᠤᠨ | ᠶᠡᠭᠡ ᠪᠠᠷ ᠲᠣᠭᠲᠠᠪᠤᠷᠢᠵᠢᠭᠤᠯᠪᠠ᠃ ᠨᠠᠮ ᠤᠨ ᠲᠥᠪ ᠬᠤᠷᠢᠶ᠎ᠠ ︽ᠲᠦᠷᠪᠡᠨ ᠬᠥᠮᠥᠨ ᠤ ᠪᠦᠯᠦᠭ︾ ᠢ ᠨᠢᠭᠡ ᠯᠡ | ᠳᠡᠭᠡᠷ᠎ᠡ ᠪᠤᠳᠠ ᠨᠢᠷᠭᠡᠵᠦ᠂ ᠥᠪᠥᠷ ᠮᠣᠩᠭᠤᠯ ᠢ ᠬᠥᠲᠥᠯᠥᠨ ᠵᠢᠯᠤᠭᠤᠳᠴᠤ ᠠᠵᠢᠯ ᠤᠨ ᠭᠤᠣᠯᠳᠠᠯᠭ᠎ᠠ ᠶᠢ | ᠰᠢᠯᠵᠢᠭᠦᠯᠪᠡ᠃ | ᠳᠥᠷᠪᠡ ᠳᠤ᠂ ᠥᠪᠡᠷᠲᠡᠭᠡᠨ ᠵᠠᠰᠠᠬᠤ ᠣᠷᠣᠨ ᠳᠤ ᠦᠨᠡᠨ ᠠᠴᠠ ᠵᠥᠪ ᠢ ᠡᠷᠢᠬᠦ ᠦᠵᠡᠯ ᠰᠠᠨᠠᠭᠠᠨ ᠤ | ᠱᠤᠭᠤᠮ ᠠᠴᠠ ᠵᠠᠶᠢᠳᠠᠭᠰᠠᠨ ᠦᠢᠯᠡ ᠠᠵᠢᠯᠯᠠᠭ᠎ᠠ᠂ ᠰᠢᠨᠵᠢᠯᠡᠬᠦ ᠤᠬᠠᠭᠠᠨᠴᠢ ᠵᠢᠮ᠎ᠡ ᠶᠣᠰᠣ ᠠᠴᠠ ᠵᠥᠷᠢᠴᠡᠭᠰᠡᠨ | ᠠᠷᠭ᠎ᠠ ᠬᠡᠮᠵᠢᠶ᠎ᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠡᠶᠢᠴᠡᠬᠦ ᠦᠭᠡᠢ ᠬᠡᠯᠪᠡᠷᠢᠯ ᠭᠠᠷᠴᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠠᠰᠢᠭ ᠦᠭᠡᠢ ᠦᠷ᠎ᠡ | ᠳ᠋ᠦᠩ ᠢ ᠪᠤᠢ ᠪᠣᠯᠭᠠᠬᠤ ᠳᠤ ᠠᠰᠢᠭ ᠦᠭᠡᠢ ᠪᠣᠯᠤᠭᠰᠠᠨ ᠦᠶ᠎ᠡ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ | ᠵᠠᠰᠠᠨ ᠵᠠᠯᠠᠷᠠᠭᠤᠯᠵᠤ᠂ ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠢ ᠵᠥᠪ ᠬᠥᠭᠵᠢᠯᠲᠡ ᠶᠢᠨ ᠵᠠᠮ ᠳᠤ ᠲᠠᠬᠢᠨ | ᠣᠷᠣᠭᠤᠯᠵᠤ᠂ ᠵᠥᠪ ᠤᠷᠤᠭᠰᠢᠯᠠᠯᠲᠠ ᠶᠢᠨ ᠴᠢᠭᠯᠡᠯ ᠢ ᠪᠠᠲᠤᠯᠠᠵᠠᠢ᠃ | ᠡᠳᠡᠭᠡᠷ ᠲᠡᠦᠬᠡ ᠶᠢᠨ ᠪᠣᠳᠠᠲᠤ ᠬᠡᠷᠡᠭ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠵᠠᠩ ᠰᠤᠷᠲᠠᠯ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠥᠰᠥ ᠵᠣᠷᠢᠭ ᠢ | ᠭᠦᠢᠴᠡᠳ ᠢᠯᠡᠷᠡᠭᠦᠯᠦᠭᠰᠡᠨ ᠪᠥᠭᠡᠳ ᠪᠠᠰᠠ ᠨᠠᠮ ᠤᠨ ᠲᠥᠪ ᠬᠤᠷᠢᠶᠠᠨ ᠤ ᠥᠨᠳᠥᠷ ᠲᠤ ᠵᠣᠭᠰᠣᠨ ᠠᠯᠤᠰ ᠢ | ᠪᠠᠷᠠᠯᠠᠬᠤ ᠬᠠᠷᠠᠴᠠ ᠪᠣᠯᠣᠨ ᠠᠯᠳᠠᠭ᠎ᠠ ᠪᠤᠷᠤᠭᠤ ᠪᠠᠨ ᠵᠠᠯᠠᠷᠠᠭᠤᠯᠬᠤ ᠴᠢᠳᠠᠪᠤᠷᠢ ᠶᠢ ᠪᠣᠳᠠᠲᠠᠢ ᠪᠠᠷ ᠢᠯᠡᠷᠡᠭᠦᠯᠦᠭᠰᠡᠨ | ᠪᠠᠶᠢᠨ᠎ᠠ᠃ ᠨᠠᠮ ᠤᠨ ᠲᠥᠪ ᠬᠤᠷᠢᠶ᠎ᠠ ᠶᠢᠨ ᠬᠤᠷᠸ᠎ᠠ ᠪᠦᠬᠦ ᠲᠠᠯ᠎ᠠ ᠶᠢ ᠡᠵᠡᠮᠳᠡᠬᠦ ᠪᠣᠯ ᠥᠪᠡᠷᠲᠡᠭᠡᠨ ᠵᠠᠰᠠᠬᠤ | ᠣᠷᠣᠨ ᠤ ᠬᠠᠶᠢᠨ ᠰᠦᠪᠡᠭᠴᠢᠯᠡᠵᠦ ᠤᠷᠤᠭᠰᠢᠯᠠᠬᠤ ᠶᠠᠪᠤᠴᠠ ᠳᠤ ᠰᠠᠮᠠᠭᠤᠷᠠᠯ ᠢ ᠵᠠᠰᠠᠨ ᠵᠦᠭᠰᠢᠷᠡᠭᠦᠯᠬᠦ ᠶᠢ | ᠪᠡᠶᠡᠯᠡᠭᠦᠯᠵᠦ᠂ ᠵᠥᠪ ᠵᠠᠮ ᠢᠶᠠᠷ ᠰᠢᠭᠤᠳ ᠶᠠᠪᠤᠬᠤ ᠶᠢ ᠪᠠᠷᠢᠮᠲᠠᠯᠠᠵᠤ᠂ ᠴᠢᠬᠤᠯᠠ ᠦᠭᠡᠢ ᠲᠣᠭᠤᠷᠢᠤ ᠵᠠᠮ ᠢᠶᠠᠷ | ᠳᠤᠲᠠᠭᠤ ᠶᠠᠪᠤᠬᠤ᠂ ᠴᠢᠬᠤᠯᠠ ᠦᠭᠡᠢ ᠦᠨ᠎ᠡ ᠲᠥᠯᠥᠪᠦᠷᠢ ᠳᠤᠲᠠᠭᠤ ᠭᠠᠷᠭᠠᠬᠤ ᠶᠢᠨ ᠨᠠᠶᠢᠳᠠᠪᠤᠷᠢᠲᠠᠢ ᠪᠠᠲᠤᠯᠠᠭ᠎ᠠ | ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠠᠴᠠ ᠨᠠᠰᠢ᠂ ᠠᠵᠢᠯ ᠳᠤᠮᠳᠠ ᠬᠦᠨᠳᠦ ᠶᠡᠭᠡ ᠠᠳᠡᠭᠦᠦ | ᠪᠤᠷᠤᠭᠤ ᠭᠠᠷᠬᠤ ᠪᠦᠷᠢ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠵᠢᠭᠠᠨ ᠵᠢᠯᠤᠭᠤᠳᠴᠤ᠂ ᠪᠢᠳᠡᠨ ᠢ | ᠬᠠᠪᠰᠤᠷᠤᠨ ᠰᠤᠳᠠᠯ ᠢ ᠠᠳᠬᠤᠨ ᠴᠢᠭᠯᠡᠯ ᠢ ᠨᠢ ᠲᠣᠭᠲᠠᠭᠠᠵᠤ᠂ ᠬᠡᠯᠪᠡᠶᠢᠭᠦᠦ ᠴᠢᠭᠯᠡᠯ ᠢ ᠨᠢ ᠵᠠᠯᠠᠷᠠᠭᠤᠯᠬᠤ ᠶᠢᠨ | ᠬᠠᠮᠲᠤ ᠤᠳᠠᠭ᠎ᠠ ᠪᠦᠷᠢ ᠬᠠᠯᠠᠨ ᠰᠠᠶᠢᠵᠢᠷᠠᠭᠤᠯᠤᠭᠰᠠᠨ ᠤ ᠲᠠᠷᠠᠭ᠎ᠠ ᠥᠪᠥᠷ ᠮᠣᠩᠭᠤᠯ ᠤᠨ ᠠᠵᠢᠯ ᠴᠥᠮ ᠰᠢᠨ᠎ᠡ | ᠴᠢᠬᠤᠯᠠ ᠶᠡᠭᠡ ᠲᠠᠪᠰᠢᠯᠳᠠ ᠲᠠᠢ ᠪᠣᠯᠤᠭᠰᠠᠨ ᠪᠠᠶᠢᠨ᠎ᠠ᠃ ᠡᠷᠬᠢᠨ ᠬᠠᠷᠠᠬᠤᠶ᠎ᠠ᠂ ᠬᠡᠷᠪᠡ ᠨᠠᠮ ᠤᠨ ᠲᠥᠪ | ᠬᠤᠷᠢᠶᠠᠨ ᠤ ᠵᠢᠯᠣᠭᠤᠳᠤᠯᠭ᠎ᠠ ᠪᠠ ᠬᠠᠪᠰᠤᠷᠤᠯᠭ᠎ᠠ ᠪᠠᠶᠢᠭᠰᠠᠨ ᠦᠭᠡᠢ ᠪᠣᠯ᠂ ᠥᠪᠥᠷ ᠮᠣᠩᠭᠤᠯ ᠶᠠᠪᠤᠵᠤ ᠢᠷᠡᠭᠰᠡᠨ | ᠵᠠᠮ ᠳᠠᠭᠠᠨ ᠬᠡᠴᠢᠨᠡᠨ ᠤᠯᠠᠨ ᠨᠤᠭᠤᠷᠠᠯ ᠪᠦᠳᠦᠷᠢᠯ ᠪᠠ ᠬᠤᠬᠢᠷᠠᠯ ᠳᠤ ᠤᠴᠠᠷᠠᠬᠤ ᠶᠢ ᠪᠦᠦ ᠮᠡᠳᠡ᠂ ᠬᠡᠴᠢᠨᠡᠨ ᠤᠯᠠᠨ | ᠲᠣᠭᠤᠷᠢᠤ ᠵᠠᠮ ᠢᠶᠠᠷ ᠶᠠᠪᠤᠵᠤ᠂ ᠬᠡᠴᠢᠨᠡᠨ ᠬᠦᠨᠳᠦ ᠳᠠᠷᠤᠭᠠᠰᠤ ᠲᠠᠢ ᠪᠠᠶᠢᠭᠰᠠᠨ ᠢ ᠪᠦᠦ ᠮᠡᠳᠡ᠃ | | |