ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠶᠠᠰᠤ ᠴᠢᠨᠠᠷ ᠢ ᠲᠡᠭᠡᠭᠰᠢᠯᠡᠬᠦᠯᠪᠡ
ᠨᠡᠶᠢᠲᠡᠯᠡᠭᠰᠡᠨ ᠴᠠᠭ᠄
2024/3/18
   ᠣᠯᠠᠨ ᠲᠦᠮᠡᠨ ᠤ ᠤᠬᠠᠭᠤᠯᠭ᠎ᠠ ᠶᠢ ᠰᠠᠶᠢᠲᠤᠷ ᠠᠳᠬᠤᠵᠤ᠂ ᠰᠤᠷᠭᠠᠭᠤᠯᠢ᠂ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠵᠡᠷᠭᠡ  ᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ᠤᠬᠠᠭᠤᠯᠭ᠎ᠠ ᠶᠢᠨ ᠠᠵᠢᠯ ᠢ 18 ᠲᠠᠯᠠᠪᠠᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 3000 ᠭᠠᠷᠤᠶ ᠬᠥᠮᠦᠰ ᠢ ᠬᠠᠮᠤᠷᠴᠤ᠂ ᠣᠯᠠᠨ ᠲᠦᠮᠡᠨ ᠤ ᠯᠠᠪᠯᠠᠭ᠎ᠠ ᠳᠤ 700 ᠭᠠᠷᠤᠶ ᠬᠥᠮᠦᠨ ᠤᠳᠠᠭ᠎ᠠ ᠳᠤ ᠬᠠᠷᠢᠭᠤᠯᠲᠠ ᠥᠭᠪᠡ᠃ ᠣᠨᠴᠠᠭᠠᠶ ᠬᠥᠮᠦᠰ ᠢ ᠠᠩᠬᠠᠷᠴᠤ᠂ ᠬᠥᠯᠥᠰᠥᠨ ᠠᠵᠢᠯᠴᠢᠨ᠂ ᠬᠥᠭᠰᠢᠨ ᠪᠠᠭᠤᠷᠠᠶ ᠡᠪᠡᠳᠴᠢᠲᠡᠶ ᠵᠡᠮᠳᠡᠭ ᠬᠥᠮᠦᠰ ᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ︽ᠰᠠᠭᠠᠳ ᠥᠬᠡᠶ ᠨᠡᠪᠲᠡᠷᠡᠬᠦ ᠵᠠᠮ︾ ᠢ  ᠨᠡᠪᠲᠡᠷᠡᠭᠦᠯᠵᠦ᠂ ᠴᠡᠷᠢᠭ ᠬᠥᠮᠦᠨ ᠴᠡᠷᠢᠭ ᠤᠨ ᠬᠡᠷ ᠪᠦᠯᠢ ᠶᠢ ᠲᠡᠷᠢᠭᠦᠨ ᠳᠤ ᠲᠠᠯᠪᠢᠬᠤ᠂ ᠨᠡᠶᠢᠲᠡ ᠶᠢᠨ ᠠᠰᠠᠷᠠᠮᠵᠢ ᠶᠢᠨ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠵᠡᠷᠭᠡ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠰᠬᠠᠶ ᠴᠣᠩᠬᠤᠪᠴᠢ ᠶᠢᠨ ᠦᠢᠯᠡᠴᠢᠯᠡᠭᠡ ᠬᠠᠩᠭᠠᠪᠠ᠃ ᠠᠷᠠᠳ ᠤᠨ ᠲᠦᠯᠦᠭᠡ ᠰᠡᠳᠬᠢᠯ ᠬᠦᠳᠡᠯᠭᠡᠮ᠎ᠡ ᠶᠠᠪᠤᠳᠠᠯ ᠢ ᠰᠠᠶᠢᠲᠤᠷ ᠬᠢᠵᠦ᠂ ᠣᠳᠣᠬᠠᠨ ᠪᠣᠯᠲᠠᠯ᠎ᠠ ᠬᠠᠤᠯᠢ ᠴᠠᠭᠠᠵᠠ ᠶᠢᠨ ᠲᠤᠰᠠᠯᠠᠮᠵᠢ  ᠪᠠᠷ 197 ᠬᠡᠷᠡᠭ ᠢ ᠰᠢᠢᠳᠪᠦᠷᠢᠯᠡᠵᠦ᠂ 58.05 ᠲᠦᠮᠡᠨ ᠲᠦᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠤ᠂  ᠤᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠭ᠎ᠠ ᠶᠢ ᠨᠡᠶᠢᠲᠡ 400 ᠭᠠᠷᠤᠢ ᠬᠦᠮᠦᠨ ᠤᠳᠠᠭ᠎ᠠ ᠬᠦᠯᠢᠶᠡᠨ ᠠᠪᠴᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ 100% ᠳᠤ ᠬᠦᠷᠴᠡᠢ᠃
   
     
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号