ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠲᠤ ᠳᠥᠭᠦᠮ | ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠶᠢ ᠰᠠᠶᠢᠲᠤᠷ ᠬᠢᠬᠦ ᠶᠢᠨ ᠲᠥᠯᠥᠭᠡ᠂ | ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ ᠬᠤᠰᠢᠭᠤ ᠪᠠᠯᠭᠠᠰᠤ ᠲᠣᠰᠬᠤᠨ | ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠭᠤᠣᠯᠳᠠᠯᠭ᠎ᠠ | ᠪᠣᠯᠭᠠᠵᠤ᠂ ᠵᠠᠮ ᠱᠤᠭᠤᠮ ᠢ ᠳᠣᠷᠣᠭᠰᠢ ᠬᠦᠨᠵᠡᠭᠡᠶᠢᠷᠡᠭᠦᠯᠬᠦ ᠪᠠ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠬᠦ | ᠠᠵᠢᠯᠯᠠᠭ᠎ᠠ ᠶᠢᠨ ᠭᠤᠣᠯ ᠱᠤᠭᠤᠮ ᠢᠶᠠᠷ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠣᠷᠣᠨ ᠤ ᠠᠩᠬᠠᠳᠠᠭᠴᠢ ᠬᠤᠰᠢᠭᠤ ᠪᠠᠯᠭᠠᠰᠤ | ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠣᠶᠤᠨᠴᠢ ᠲᠥᠪᠯᠡᠷᠡᠭᠦᠯᠦᠨ ᠢᠯᠭᠠᠬᠤ ᠲᠥᠪ | ᠪᠠᠶᠢᠭᠤᠯᠵᠤ᠂ ᠪᠥᠬᠦ ᠬᠤᠰᠢᠭᠤᠨ ᠤ 19 ᠰᠤᠮᠤ ᠪᠠᠯᠭᠠᠰᠤ ᠪᠠ ᠭᠠᠨᠵᠤᠭ᠎ᠠ ᠪᠠᠯᠭᠠᠰᠤ ᠶᠢᠨ 65 ᠤᠯᠠᠭ᠎ᠠ | ᠥᠷᠲᠡᠭᠡ ᠶᠢ ᠬᠠᠮᠤᠷᠴᠤ᠂ ᠬᠡᠷᠡᠭᠯᠡᠭᠡᠨ ᠤ ᠡᠳ᠋ ᠢ ᠬᠥᠳᠡᠭᠡ ᠪᠠᠭᠤᠯᠭᠠᠬᠤ ︽ᠬᠠᠮᠤᠭ ᠰᠡᠭᠦᠯᠴᠢ ᠶᠢᠨ ᠨᠢᠭᠡ ᠺᠢᠯᠣᠮᠧᠲᠷ | ︾ ᠪᠠ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠬᠤ ᠳᠤ ︽ᠬᠠᠮᠤᠭ ᠠᠩᠬᠠᠨ ᠤ ᠨᠢᠭᠡ ᠺᠢᠯᠣᠮᠧᠲᠷ︾ | ᠤᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | | ᠣᠯᠠᠨ ᠲᠠᠯ᠎ᠠ ᠶᠢᠨ ᠪᠠᠷᠠᠭᠠᠨ ᠤ ᠭᠦᠢᠯᠭᠡᠭᠡᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠳᠤᠲᠠᠭᠤᠳᠠᠯ | ᠪᠠᠭᠤᠷᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠲᠠᠸᠠᠷ ᠪᠠ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ | ᠲᠦᠪᠰᠢᠨ ᠢ ᠰᠢᠯᠢᠳᠡᠭᠵᠢᠭᠦᠯᠵᠦ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠳᠠᠭᠠᠭᠠᠴᠠ ᠪᠠ ᠬᠥᠭᠵᠢᠯᠲᠡ ᠶᠢᠨ | ᠠᠮᠢᠵᠢᠷᠠᠯ ᠤᠨ ᠲᠦᠩᠯᠢᠶᠣᠣ ᠬᠤᠲᠠ ᠶᠢᠨ ᠱᠧᠨ ᠯᠠᠨ ᠡᠯᠧᠺᠲᠷᠣᠨ ᠬᠤᠳᠠᠯᠳᠤᠭ᠎ᠠ ᠠᠷᠠᠯᠵᠢᠶ᠎ᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠲᠦᠷᠭᠡᠨ ᠬᠦᠷᠭᠡᠯᠲᠡ ᠶᠢᠨ ︽1+N︾ ᠨᠢᠭᠡᠳᠦᠯᠲᠡᠢ ᠬᠥᠮᠥᠷᠭᠡᠯᠡᠵᠦ ᠬᠠᠮᠲᠤᠪᠠᠷ | ᠲᠣᠬᠢᠷᠠᠭᠤᠯᠬᠤ ᠵᠠᠭᠪᠤᠷ ᠢ ᠢᠳᠡᠪᠬᠢᠲᠡᠢ ᠰᠦᠪᠡᠭᠴᠢᠯᠡᠬᠦ ᠪᠠᠷ ᠳᠡᠮᠵᠢᠨ᠂ ᠪᠥᠬᠦ ᠬᠤᠰᠢᠭᠤᠨ ᠳᠤ 1 ᠬᠤᠰᠢᠭᠤᠨ ᠤ | ᠲᠠᠰ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠪᠠᠶᠢᠭᠤᠯᠵᠤ᠂ 6 ᠲᠦᠷᠭᠡᠨ ᠬᠦᠷᠭᠡᠯᠲᠡ ᠶᠢᠨ | ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ᠂ ᠬᠤᠰᠢᠭᠤᠨ ᠤ ᠬᠡᠪᠴᠢᠶᠡᠨ ᠳᠣᠲᠣᠷᠠᠬᠢ ᠲᠦᠷᠭᠡᠨ ᠬᠦᠷᠭᠡᠯᠲᠡ ᠶᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠨᠣᠷᠮ᠎ᠠ ᠶᠢ 80% ᠳᠤ ᠬᠦᠷᠦᠭᠦᠯᠬᠦ ᠶᠢ ᠪᠡᠶᠡᠯᠡᠭᠦᠯᠪᠡ᠃ | | | ᠲᠣᠬᠢᠷᠠᠭᠤᠯᠤᠨ ᠬᠦᠷᠭᠡᠬᠦ ᠲᠣᠣᠷ ᠰᠦᠯᠵᠢᠶᠡᠨ ᠤ ᠰᠢᠰᠲ᠋ᠧᠮ ᠢ ᠪᠠᠶᠢᠭᠤᠯᠪᠠ᠃ ᠳᠤᠮᠳᠠᠳᠤ ᠤᠯᠤᠰ ᠤᠨ | ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠪᠢᠶᠠᠷᠢ ᠺᠣᠮᠫᠠᠨᠢ ᠶᠢ ᠳᠡᠮᠵᠢᠵᠦ᠂ ᠭᠤᠷᠪᠠᠨ ᠳᠡᠰ ᠤᠨ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠳᠠᠬᠢ ᠬᠤᠯᠪᠣᠭᠠᠰᠤ ᠶᠢᠨ ᠦᠢᠯᠡᠳᠦᠯ ᠢ | ᠪᠠᠳᠠᠷᠠᠭᠤᠯᠤᠨ᠂ 18 ᠪᠠᠯᠭᠠᠰᠤᠨ ᠤ ᠲᠠᠰ ᠤᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠥᠷᠲᠡᠭᠡ ᠴᠡᠭ ᠢ | ᠳᠡᠭᠡᠭᠰᠢᠯᠡᠭᠦᠯᠦᠨ ᠥᠭᠡᠷᠡᠴᠢᠯᠡᠵᠦ᠂ ᠵᠦᠢ ᠵᠣᠬᠢᠰᠲᠠᠢ ᠲᠣᠬᠢᠷᠠᠭᠤᠯᠤᠨ ᠬᠦᠷᠭᠡᠬᠦ ᠲᠣᠣᠷ ᠰᠦᠯᠵᠢᠶ᠎ᠡ ᠶᠢ | ᠪᠦᠷᠢᠯᠳᠦᠭᠦᠯᠦᠨ᠂ ᠪᠥᠬᠦ ᠬᠤᠰᠢᠭᠤᠨ ᠤ ᠰᠢᠤᠳᠠᠨ ᠤ ᠵᠦᠢᠯ ᠤᠨ ᠲᠦᠷᠭᠡᠨ ᠬᠦᠷᠭᠡᠯᠲᠡ ᠶᠢᠨ ᠣᠷᠣᠭᠤᠯᠵᠤ ᠭᠠᠷᠭᠠᠬᠤ | ᠬᠡᠮᠵᠢᠶ᠎ᠡ᠂ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ 200% ᠲᠡᠭᠡᠭᠰᠢᠯᠡᠭᠦᠯᠪᠡ᠃ | | | ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ | ᠲᠥᠪᠯᠡᠷᠡᠭᠦᠯᠦᠨ ᠬᠥᠭᠵᠢᠭᠦᠯᠬᠦ ᠪᠠᠷ ᠳᠠᠮᠵᠢᠭᠤᠯᠤᠨ ᠲᠦᠷᠭᠡᠨ ᠬᠦᠷᠭᠡᠬᠦ ᠠᠵᠤ ᠠᠬᠤᠶᠢᠯᠠᠯ ᠤᠨ ᠬᠤᠭᠤᠷᠣᠨᠳᠤ ᠪᠠᠨ | ᠲᠦᠭᠰᠢᠭᠦᠷᠢ ᠶᠢ ᠬᠠᠮᠲᠤᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤᠪᠠᠷ ᠡᠳ᠋ᠯᠡᠬᠦ ᠵᠠᠬ᠎ᠠ ᠳᠡᠯᠭᠡᠭᠦᠷᠴᠢᠯᠡᠨ | ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠨᠢᠭᠡᠳᠦᠯᠲᠡᠢ ᠬᠥᠮᠥᠷᠭᠡᠯᠡᠨ ᠬᠠᠳᠠᠭᠠᠯᠠᠬᠤ᠂ ᠢᠯᠭᠠᠬᠤ᠂ | ᠲᠡᠭᠡᠭᠡᠪᠦᠷᠢᠯᠡᠬᠦ᠂ ᠲᠣᠬᠢᠷᠠᠭᠤᠯᠤᠨ ᠬᠦᠷᠭᠡᠬᠦ᠂ ᠳᠠᠭᠠᠭᠠᠨ ᠠᠪᠬᠤ ᠶᠢ ᠪᠡᠶᠡᠯᠡᠭᠦᠯᠪᠡ᠃ ᠡᠳᠦᠷ ᠲᠤᠲᠤᠮ ᠤᠨ | ᠬᠡᠷᠡᠭᠯᠡᠭᠡᠨ ᠤ ᠵᠦᠢᠯ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠬᠥᠳᠡᠭᠡ ᠪᠠᠭᠤᠯᠭᠠᠬᠤ ᠪᠠ ᠲᠠᠷᠢᠶᠠᠯᠠᠩ ᠤᠨ | ᠪᠦᠲᠦᠭᠡᠭᠳᠡᠬᠦᠨ ᠢ ᠬᠤᠲᠠ ᠳᠤ ᠣᠷᠣᠭᠤᠯᠬᠤ ᠵᠡᠷᠭᠡ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ | ᠬᠠᠮᠲᠤ ᠪᠠᠷ ᠲᠣᠬᠢᠷᠠᠭᠤᠯᠤᠨ ᠬᠦᠷᠭᠡᠬᠦ ᠦᠢᠯᠡᠴᠢᠯᠡᠭᠡ ᠥᠷᠨᠢᠭᠦᠯᠵᠦ᠂ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠢ 20% ᠪᠠᠷ ᠪᠠᠭᠤᠷᠠᠭᠤᠯᠵᠤ᠂ ᠥᠪᠡᠷ ᠤᠨ ᠥᠷᠲᠡᠭ ᠢ ᠪᠠᠭᠤᠷᠠᠭᠤᠯᠬᠤ᠂ ᠦᠨ᠎ᠡ ᠬᠠᠩᠰᠢ ᠶᠢ | ᠪᠠᠭᠤᠷᠠᠭᠤᠯᠬᠤ᠂ ᠴᠠᠭ ᠤᠨ ᠬᠢᠵᠠᠭᠠᠷ ᠢ ᠪᠠᠭᠤᠷᠠᠭᠤᠯᠬᠤ᠂ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠶᠢ | ᠲᠡᠭᠡᠭᠰᠢᠯᠡᠭᠦᠯᠬᠦ ᠶᠢ ᠪᠡᠶᠡᠯᠡᠬᠦᠯᠪᠡ᠃ | ᠪᠠᠷᠠᠭᠠᠨ ᠤ ᠭᠦᠢᠯᠭᠡᠭᠡ ᠶᠢᠨ ᠠᠷᠠᠳ ᠲᠤ ᠳᠦᠭᠦᠮ ᠦᠵᠡᠭᠦᠯᠬᠦ ᠠᠷᠭ᠎ᠠ ᠵᠠᠮ ᠢ ︽ᠰᠢᠤᠳᠠᠨ ᠤ ᠲᠦᠷᠭᠡᠨ | ᠬᠦᠷᠭᠡᠯᠳᠡ ᠯᠦᠭᠡ ᠬᠤᠷᠰᠢᠯᠴᠠᠬᠤ᠂ ᠪᠤᠰᠤᠳ ᠲᠦᠷᠭᠡᠨ ᠬᠦᠷᠭᠡᠯᠳᠡ ᠯᠦᠭᠡ ᠬᠤᠷᠰᠢᠯᠴᠠᠬᠤ︾ ᠵᠠᠭᠪᠤᠷ ᠢ ᠵᠦᠢ | ᠵᠣᠬᠢᠰᠲᠠᠢ ᠠᠰᠢᠭᠯᠠᠨ᠂ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠵᠠᠷᠴᠢᠮ ᠶᠣᠰᠣᠭᠠᠷ᠂ | ᠰᠤᠮᠤ ᠪᠠᠯᠭᠠᠰᠤᠨ ᠳᠤ ᠪᠠᠯᠭᠠᠰᠤᠨ ᠤ ᠲᠠᠰ ᠤᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠥᠷᠲᠡᠭᠡ | ᠴᠢᠭ᠋ ᠢ ᠳᠡᠮᠵᠢᠨ ᠪᠠᠶᠢᠭᠤᠯᠵᠤ᠂ ᠰᠢᠤᠳᠠᠨ ᠤ ᠪᠠᠶᠢᠭᠤᠯᠤᠯᠲᠤ ᠲᠣᠰᠬᠤᠨ ᠤ ᠰᠢᠤᠳᠠᠨ ᠨᠡᠪᠲᠡᠷᠡᠬᠦ ᠨᠣᠷᠮ᠎ᠠ ᠶᠢ | 100% ᠬᠦᠷᠭᠡᠵᠦ᠂ ᠥᠷᠭᠡᠨ ᠣᠯᠠᠨ ᠲᠦᠮᠡᠨ ᠳᠤ ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠬᠦᠷᠭᠡᠬᠦ | ᠦᠢᠯᠡᠴᠢᠯᠡᠭᠡ ᠬᠠᠩᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠡᠷᠡᠭᠯᠡᠭᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠰᠠᠶᠢᠨ ᠣᠷᠴᠢᠯ ᠢ ᠠᠬᠢᠭᠤᠯᠤᠨ᠂ ᠲᠦᠷᠭᠡᠨ ᠬᠦᠷᠭᠡᠯᠲᠡ ᠶᠢᠨ | ᠲᠣᠰᠬᠤᠨ ᠳᠤ ᠣᠷᠣᠬᠤ ︽ᠡᠴᠦᠰ ᠤᠨ ᠨᠢᠭᠡ ᠺᠢᠯᠣᠮᠧᠲᠷ︾ ᠢ ᠰᠢᠢᠳᠪᠦᠷᠢᠯᠡᠪᠡ᠃ | | |