| ᠦᠨᠳᠦᠰᠦᠨ ᠮᠡᠳᠡᠯᠭᠡ | | ᠶᠠᠭᠤ ᠶᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠡᠬᠦ ᠪᠣᠶ︖ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠡᠳᠡᠭ ᠨᠢ ᠬᠥᠮᠥᠨ ᠤ ᠬᠦᠴᠦᠨ ᠤ ᠡᠵᠡᠮᠳᠡᠯ ᠢᠶᠠᠨ | ᠠᠯᠳᠠᠵᠤ᠂ ᠣᠶ ᠰᠢᠭᠤᠢ ᠪᠠ ᠨᠤᠲᠤᠭ ᠪᠡᠯᠴᠢᠭᠡᠷ ᠳᠡᠭᠡᠷ᠎ᠡ ᠴᠢᠯᠦᠭᠡᠲᠡᠢ ᠥᠷᠭᠡᠵᠢᠨ ᠥᠷᠭᠡᠳᠴᠦ᠂ ᠣᠶ ᠰᠢᠭᠤᠢ | ᠨᠤᠲᠤᠭ ᠪᠡᠯᠴᠢᠭᠡᠷ᠂ ᠠᠮᠢ ᠠᠬᠤᠢ ᠶᠢᠨ ᠰᠢᠰᠲ᠋ᠧᠮ ᠪᠠ ᠬᠥᠮᠥᠨ ᠲᠥᠷᠥᠯᠬᠢᠲᠡᠨ ᠳᠤ ᠵᠣᠬᠢᠬᠤ ᠬᠡᠮᠵᠢᠶᠡᠨ ᠤ ᠬᠤᠣᠷ | ᠬᠥᠨᠥᠭᠡᠯ ᠪᠠ ᠬᠤᠬᠢᠷᠠᠯ ᠤᠴᠠᠷᠠᠭᠤᠯᠤᠭᠰᠠᠨ ᠣᠶ ᠰᠢᠭᠤᠢ ᠡᠪᠡᠰᠦ ᠪᠡᠯᠴᠢᠭᠡᠷ ᠤᠨ ᠰᠢᠲᠠᠯᠲᠠ ᠶᠢᠨ ᠦᠵᠡᠭᠳᠡᠯ ᠢ | ᠵᠢᠭᠠᠵᠤ ᠪᠣᠶ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠪᠣᠯ ᠨᠢᠭᠡ ᠵᠦᠢᠯ ᠤᠨ ᠭᠡᠨᠡᠳᠲᠡ ᠶᠢᠨ | ᠴᠢᠨᠠᠷ ᠢᠶᠠᠷ ᠴᠢᠩᠭ᠎ᠠ᠂ ᠡᠪᠳᠡᠯᠡᠭᠡ ᠶᠢᠨ ᠴᠢᠨᠠᠷ ᠢᠶᠠᠷ ᠶᠡᠭᠡ᠂ ᠰᠢᠢᠳᠪᠦᠷᠢᠯᠡᠵᠦ ᠠᠪᠤᠷᠠᠨ ᠲᠤᠰᠠᠯᠠᠬᠤ ᠳᠤ ᠨᠡᠯᠢᠶᠡᠳ | ᠬᠦᠴᠢᠷᠲᠡᠢ ᠪᠠᠶᠢᠭᠠᠯᠢ ᠶᠢᠨ ᠭᠠᠮᠰᠢᠭ ᠪᠣᠯᠣᠨ᠎ᠠ᠃ ᠶᠡᠭᠡ ᠬᠡᠪᠴᠢᠶᠡᠨ ᠤ ᠣᠶ ᠰᠢᠭᠤᠢ ᠶᠢᠨ ᠭᠠᠯ ᠤᠨ ᠭᠠᠮᠰᠢᠭ ᠢ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠠᠴᠠ ᠳᠡᠯᠡᠬᠡᠢ ᠶᠢᠨ ᠨᠠᠢᠮᠠᠨ ᠶᠡᠭᠡ ᠪᠠᠶᠢᠭᠠᠯᠢ ᠶᠢᠨ ᠭᠠᠮᠰᠢᠭ ᠤᠨ ᠨᠢᠭᠡ | ᠪᠣᠯᠭᠠᠵᠤ᠂ ᠮᠥᠨ ᠴᠦ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠨᠢᠭᠡ ᠨᠢ ᠪᠤᠯᠤᠨ᠎ᠠ᠃ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠨᠢ ᠶᠠᠮᠠᠷ ᠬᠤᠣᠷ ᠬᠥᠨᠥᠭᠡᠯ ᠲᠠᠢ ᠪᠣᠶ︖ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠨᠢ ᠣᠶ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠦᠨᠳᠦ ᠨᠣᠴᠢᠲᠠᠢ ᠡᠪᠳᠡᠬᠦ ᠪᠠᠷ ᠪᠠᠷᠠᠬᠤ ᠦᠭᠡᠢ᠂ ᠪᠠᠰᠠ | ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠪᠠ ᠣᠯᠠᠨ ᠨᠡᠶᠢᠲᠡ ᠶᠢᠨ ᠠᠮᠤᠷ ᠲᠦᠪᠰᠢᠨ ᠳᠤ ᠲᠤᠶᠢᠯ ᠤᠨ ᠶᠡᠭᠡ | ᠬᠤᠣᠷ ᠬᠥᠨᠥᠭᠡᠯ ᠤᠴᠠᠷᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠪᠠ ᠠᠮᠢ | ᠠᠬᠤᠢ ᠶᠢᠨ ᠠᠮᠤᠷ ᠲᠦᠪᠰᠢᠨ ᠳᠤ ᠯᠤᠲᠤ ᠶᠡᠭᠡ ᠰᠦᠷᠳᠡᠭᠦᠯᠦᠯ ᠤᠴᠠᠷᠠᠭᠤᠯᠬᠤ ᠪᠣᠯᠣᠨ᠎ᠠ᠃ ᠪᠣᠳᠠᠲᠠᠢ ᠬᠥᠨᠥᠭᠡᠯ ᠨᠢ | ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ᠣᠶ ᠰᠢᠭᠤᠢ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠡᠬᠢ ᠪᠠᠶᠠᠯᠢᠭ ᠢ ᠰᠢᠲᠠᠭᠠᠵᠤ᠂ ᠬᠡᠭᠡᠷ᠎ᠡ ᠶᠢᠨ ᠠᠮᠢᠲᠠᠨ ᠢ ᠬᠥᠨᠥᠭᠡᠵᠦ᠂ ᠬᠥᠷᠥᠰᠥ ᠰᠢᠷᠣᠢ ᠶᠢᠨ | ᠢᠳᠡᠭᠳᠡᠯ ᠢ ᠪᠣᠶ ᠪᠣᠯᠭᠠᠵᠤ᠂ ᠳᠣᠣᠷᠠᠳᠤ ᠤᠷᠤᠰᠬᠠᠯ ᠤᠨ ᠭᠤᠣᠯ ᠮᠥᠷᠡᠨ ᠤ ᠤᠰᠤᠨ ᠤ ᠴᠢᠨᠠᠷ ᠢ ᠪᠠᠭᠤᠷᠠᠭᠤᠯᠤᠨ᠂ | ᠠᠭᠠᠷ ᠢ ᠪᠣᠬᠢᠷᠲᠤᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠰᠦᠷᠳᠡᠭᠦᠯᠦᠨ᠎ᠡ᠃ | ᠰᠢᠲᠠᠯᠲᠠ ᠶᠢᠨ ᠭᠤᠷᠪᠠᠨ ᠡᠯᠧᠮᠧᠨ᠋ᠲ ᠭᠡᠵᠦ ᠶᠠᠭᠤ ᠪᠤᠢ︖ | ᠣᠶ ᠰᠢᠭᠤᠢ ᠨᠤᠲᠤᠭ ᠪᠡᠯᠴᠢᠭᠡᠷ ᠤᠨ ᠰᠢᠲᠠᠯᠲᠠ ᠳᠤ ᠰᠢᠲᠠᠮᠠᠬᠠᠢ ᠪᠣᠳᠠᠰ᠂ ᠭᠠᠯ ᠤᠨ ᠡᠬᠢ ᠪᠠ | ᠬᠦᠴᠢᠯᠲᠥ᠋ᠷᠥᠭᠴᠢ ᠭᠤᠷᠪᠠ ᠬᠠᠷᠢᠯᠴᠠᠨ ᠦᠢᠯᠡᠳᠦᠯᠴᠡᠪᠡᠯ ᠰᠠᠶ᠋ᠢ ᠪᠣᠶ ᠪᠣᠯᠣᠨ᠎ᠠ᠂ ᠡᠨᠡ ᠭᠤᠷᠪᠠ ᠪᠣᠯ ᠳᠠᠷᠤᠢ ᠣᠶ | ᠰᠢᠭᠤᠢ ᠨᠤᠲᠤᠭ ᠪᠡᠯᠴᠢᠭᠡᠷ ᠤᠨ ᠰᠢᠲᠠᠯᠲᠠ ᠶᠢᠨ ᠭᠤᠷᠪᠠᠨ ᠡᠯᠧᠮᠧᠨ᠋ᠲ ᠪᠣᠯᠣᠨ᠎ᠠ᠂ ᠳᠥᠭᠦᠮᠴᠢᠯᠡᠭᠡᠳ ᠰᠢᠲᠠᠯᠲᠠ ᠶᠢᠨ | ᠭᠤᠷᠪᠠᠯᠵᠢᠨ ᠭᠡᠳᠡᠭ᠃ | ᠣᠶ ᠰᠢᠭᠤᠢ ᠨᠤᠲᠤᠭ ᠪᠡᠯᠴᠢᠭᠡᠷ ᠤᠨ ᠰᠢᠲᠠᠮᠠᠬᠠᠢ ᠪᠣᠳᠠᠰ ᠭᠡᠳᠡᠭ ᠨᠢ ᠣᠶ ᠰᠢᠭᠤᠢ ᠨᠤᠲᠤᠭ ᠪᠡᠯᠴᠢᠭᠡᠷ ᠤᠨ | ᠳᠣᠲᠣᠷᠠᠬᠢ ᠪᠤᠶ ᠪᠦᠬᠦᠢ ᠣᠷᠭᠠᠨᠢᠭ ᠪᠣᠳᠠᠰ᠂ ᠵᠢᠱᠢᠶᠡᠯᠡᠪᠡᠯ ᠲᠤᠷᠤᠭ ᠮᠣᠳᠣ᠂ ᠪᠣᠳᠠ ᠮᠣᠳᠣ᠂ ᠡᠪᠡᠰᠦᠨ ᠤ ᠵᠦᠢᠯ᠂ | ᠬᠥᠪᠳᠥ᠂ ᠬᠠᠭ᠂ ᠬᠤᠪᠠᠭ᠋ᠠᠢ ᠨᠠᠪᠴᠢ᠂ ᠢᠯᠵᠢᠮᠡᠭ ᠪᠠ ᠬᠦᠯᠦᠷ᠎ᠡ ᠵᠡᠷᠭᠡ᠃ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠨᠥᠯᠥᠭᠡᠯᠡᠬᠦ ᠭᠤᠣᠯ ᠪᠣᠯᠬᠤ ᠴᠠᠭ ᠠᠭᠤᠷ ᠤᠨ | ᠡᠯᠧᠮᠧᠨ᠋ᠲ ᠶᠠᠭᠤ ᠶᠠᠭᠤ ᠪᠠᠶᠢᠳᠠᠭ ᠪᠣᠶ︖ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠨᠥᠯᠥᠭᠡᠯᠡᠬᠦ ᠭᠤᠣᠯ ᠪᠣᠯᠬᠤ ᠴᠠᠭ ᠠᠭᠤᠷ ᠤᠨ | ᠡᠯᠧᠮᠧᠨ᠋ᠲ ᠲᠤ ᠲᠤᠨᠳᠠᠰᠤ᠂ ᠳᠤᠯᠠᠭᠠᠨ ᠤ ᠬᠡᠮᠵᠢᠶ᠎ᠡ᠂ ᠬᠠᠷᠢᠴᠠᠩᠭᠤᠢ ᠴᠢᠭᠢᠭᠲᠦᠴᠡ᠂ ᠰᠠᠯᠬᠢᠨ ᠤ ᠬᠤᠷᠳᠤᠴᠠ᠂ | ᠰᠠᠯᠬᠢᠨ ᠤ ᠴᠢᠭᠯᠡᠯ ᠵᠡᠷᠭᠡ ᠪᠣᠶ᠃ ᠡᠲᠡᠭᠡᠷ ᠴᠠᠭ ᠠᠭᠤᠷ ᠤᠨ ᠨᠥᠯᠥᠭᠡᠯᠡᠭᠴᠢ ᠨᠢ ᠣᠶ ᠰᠢᠭᠤᠢ ᠨᠤᠲᠤᠭ | ᠪᠡᠯᠴᠢᠭᠡᠷ ᠤᠨ ᠭᠠᠯ ᠤᠨ ᠭᠠᠮᠰᠢᠭ ᠤᠨ ᠡᠭᠦᠰᠬᠦ ᠪᠠ ᠬᠥᠭᠵᠢᠬᠦ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠣᠶ | ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠴᠠᠭ ᠠᠭᠤᠷ ᠤᠨ ᠲᠠᠰ ᠢ ᠤᠷᠢᠳᠴᠢᠯᠠᠨ ᠲᠥᠰᠥᠭᠡᠯᠡᠵᠦ | ᠤᠷᠢᠳᠴᠢᠯᠠᠨ ᠮᠡᠳᠡᠭᠡᠯᠡᠬᠦ ᠳᠤ ᠭᠤᠣᠯᠳᠠᠭᠤ ᠡᠲᠡᠭᠡᠷ ᠴᠠᠭ ᠠᠭᠤᠷ ᠤᠨ ᠡᠯᠧᠮᠧᠨ᠋ᠲ ᠢ ᠪᠣᠳᠣᠯᠬᠢᠯᠠᠨ᠎ᠠ᠃ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠬᠢ ᠰᠤᠷᠪᠤᠯᠵᠢ ᠨᠢ ᠶᠠᠮᠠᠷ ᠬᠡᠳᠦᠨ ᠶᠡᠭᠡ | ᠲᠥᠷᠥᠯ ᠪᠠᠶᠢᠳᠠᠭ ᠪᠣᠶ︖ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠭᠰᠡᠨ ᠭᠠᠯ ᠤᠨ ᠡᠬᠢ ᠰᠤᠷᠪᠤᠯᠵᠢ ᠶᠢ | ᠶᠡᠷᠦ ᠳᠡᠭᠡᠨ ᠪᠠᠶᠢᠭᠠᠯᠢ ᠶᠢᠨ ᠭᠠᠯ ᠤᠨ ᠡᠬᠢ ᠪᠠ ᠵᠣᠷᠢᠭᠤᠳᠠ ᠶᠢᠨ ᠭᠠᠯ ᠤᠨ ᠡᠬᠢ ᠭᠡᠵᠦ ᠬᠤᠶᠠᠷ ᠶᠡᠭᠡ ᠲᠥᠷᠥᠯ ᠳᠤ | ᠬᠤᠪᠢᠶᠠᠳᠠᠭ᠃ | ᠪᠠᠶᠢᠭᠠᠯᠢ ᠶᠢᠨ ᠭᠠᠯ ᠤᠨ ᠡᠬᠢ ᠰᠤᠷᠪᠤᠯᠵᠢ ᠪᠣᠯ ᠣᠨᠴᠠᠭᠠᠶ ᠪᠠᠶᠢᠭᠠᠯᠢ ᠶᠢᠨ ᠭᠠᠵᠠᠷ ᠵᠦᠢ ᠶᠢᠨ ᠨᠥᠬᠦᠴᠡᠯ | ᠳᠣᠣᠷ᠎ᠠ ᠡᠭᠦᠰᠦᠭᠰᠡᠨ ᠢᠯᠴᠢ ᠶᠢᠨ ᠡᠬᠢ ᠰᠤᠷᠪᠤᠯᠵᠢ ᠪᠣᠯᠣᠨ᠎ᠠ᠂ ᠡᠭᠦᠨ ᠳᠤ ᠭᠤᠣᠯᠳᠠᠭᠤ ᠠᠶᠤᠩᠭ᠎ᠠ ᠨᠢᠷᠭᠡᠭᠰᠡᠨ | ᠭᠠᠯ᠂ ᠭᠠᠯᠲᠤ ᠠᠭᠤᠯᠠ ᠶᠢᠨ ᠳᠡᠯᠪᠡᠷᠡᠯᠲᠡ᠂ ᠰᠣᠯᠢᠷ ᠴᠢᠯᠠᠭᠤ ᠪᠠᠭᠤᠬᠤ᠂ ᠥᠩᠬᠦᠷᠢᠭᠡ ᠴᠢᠯᠠᠭᠤᠨ ᠣᠴᠢ ᠪᠠ | ᠬᠦᠯᠦᠷ᠎ᠡ ᠥᠪᠡᠷᠲᠡᠭᠡᠨ ᠨᠣᠴᠣᠬᠤ ᠵᠡᠷᠭᠡ ᠪᠠᠭᠲᠠᠨ᠎ᠠ᠃ | ᠵᠣᠷᠢᠭᠤᠳᠠ ᠶᠢᠨ ᠭᠠᠯ ᠤᠨ ᠡᠬᠢ ᠭᠡᠳᠡᠭ ᠪᠣᠯ ᠵᠣᠷᠢᠭᠤᠳᠠ ᠶᠢᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠡᠭᠡᠨ | ᠬᠢᠴᠢᠶᠡᠮᠵᠢ ᠦᠭᠡᠢ ᠠᠴᠠ ᠪᠣᠯᠤᠭᠰᠠᠨ ᠭᠠᠯ ᠤᠨ ᠡᠬᠢ ᠰᠤᠷᠪᠤᠯᠵᠢ ᠶᠢ ᠵᠢᠭᠠᠵᠤ ᠪᠠᠶᠢᠨ᠎ᠠ᠂ ᠲᠡᠭᠦᠨ ᠢ | ᠦᠢᠯᠡᠳᠪᠦᠷᠢᠯᠡᠯ ᠤᠨ ᠴᠢᠨᠠᠷᠲᠠᠢ ᠭᠠᠯ ᠤᠨ ᠡᠬᠢ ᠰᠤᠷᠪᠤᠯᠵᠢ ︵ᠵᠢᠱᠢᠶᠡᠯᠡᠪᠡᠯ ᠭᠠᠯᠳᠠᠨ ᠬᠠᠭᠠᠯᠪᠤᠷᠢᠯᠠᠬᠤ᠂ ᠠᠲᠠᠷ | ᠬᠠᠭᠠᠯᠪᠤᠷᠢᠯᠠᠬᠤ᠂ ᠮᠣᠳᠣᠨ ᠨᠡᠭᠦᠷᠡᠰᠦ ᠰᠢᠲᠠᠭᠠᠬᠤ᠂ ᠪᠤᠬ᠎ᠠ ᠲᠡᠷᠭᠡ ᠠᠴᠠ ᠭᠠᠯ ᠰᠦᠷᠴᠢᠬᠦ᠂ ᠠᠭᠤᠯᠠ ᠨᠤᠷᠠᠬᠤ᠂ | ᠮᠠᠯ ᠮᠠᠯᠵᠢᠬᠤ᠂ ᠠᠩ ᠠᠩᠨᠠᠬᠤ ᠪᠠ ᠭᠠᠯ ᠢ ᠰᠡᠷᠭᠡᠶᠢᠯᠡᠬᠦ ᠱᠤᠭᠤᠮ ᠰᠢᠲᠠᠭᠠᠬᠤ︶ ᠪᠠ ᠦᠢᠯᠡᠳᠪᠦᠷᠢᠯᠡᠯ ᠤᠨ ᠪᠤᠰᠤ | ᠴᠢᠨᠠᠷᠲᠠᠢ ᠭᠠᠯ ᠤᠨ ᠡᠬᠢ ᠰᠤᠷᠪᠤᠯᠵᠢ ︵ᠵᠢᠱᠢᠶᠡᠯᠡᠪᠡᠯ ᠬᠡᠭᠡᠷ᠎ᠡ ᠭᠠᠳᠠᠨ᠎ᠠ ᠬᠤᠭᠤᠯᠠ ᠬᠢᠬᠦ᠂ ᠳᠤᠯᠠᠭᠠᠯᠠᠬᠤ᠂ | ᠭᠠᠯ ᠢᠶᠠᠷ ᠰᠢᠮᠠᠭᠤᠯ ᠢ ᠦᠯᠳᠡᠵᠦ ᠠᠷᠢᠶᠠᠲᠠᠨ ᠢ ᠦᠯᠳᠡᠬᠦ᠂ ᠲᠠᠮᠠᠬᠢ ᠲᠠᠲᠠᠬᠤ᠂ ᠪᠤᠯᠠᠰᠢᠨ ᠳᠤ ᠲᠦᠯᠡᠰᠢ ᠰᠢᠲᠠᠭᠠᠬᠤ | ᠂ ᠬᠡᠦᠬᠡᠳ ᠭᠠᠯ ᠢᠶᠠᠷ ᠨᠠᠭᠠᠳᠬᠤ ᠵᠡᠷᠭᠡ︶ ᠭᠡᠵᠦ ᠬᠤᠪᠢᠶᠠᠳᠠᠭ᠃ ᠵᠣᠷᠢᠭᠤᠳᠠ ᠶᠢᠨ ᠭᠠᠯ ᠤᠨ ᠰᠤᠷᠪᠤᠯᠵᠢ ᠳᠤ ᠪᠠᠰᠠ | ᠵᠣᠷᠢᠭᠤᠳᠠ ᠶᠢᠨ ᠭᠠᠯ ᠲᠠᠯᠪᠢᠵᠤ ᠭᠠᠯ ᠭᠠᠷᠭᠠᠬᠤ ᠶᠢ ᠪᠠᠭᠲᠠᠭᠠᠨ᠎ᠠ᠃ | ᠬᠥᠮᠥᠨ ᠤ ᠬᠦᠴᠦ ᠪᠠᠷ ᠡᠭᠦᠰᠬᠡᠭᠰᠡᠨ ᠭᠠᠯ ᠤᠨ ᠭᠠᠮᠰᠢᠭ ᠤᠨ ᠳᠣᠲᠣᠷ᠎ᠠ᠂ ᠳᠡᠭᠡᠷᠡᠬᠢ ᠪᠤᠯᠠᠰᠢᠨ ᠳᠤ ᠲᠦᠯᠡᠰᠢ | ᠰᠢᠲᠠᠭᠠᠬᠤ᠂ ᠠᠲᠠᠷ ᠬᠠᠭᠠᠯᠪᠤᠷᠢᠯᠠᠨ ᠬᠡᠭᠡᠷ᠎ᠡ ᠲᠠᠯ᠎ᠠ ᠶᠢ ᠰᠢᠳᠠᠭᠠᠬᠤ᠂ ᠲᠠᠮᠠᠬᠢ ᠲᠠᠲᠠᠬᠤ ᠵᠡᠷᠭᠡ ᠠᠴᠠ ᠪᠣᠯᠤᠭᠰᠠᠨ | ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠬᠠᠮᠤᠭ ᠤᠨ ᠣᠯᠠᠨ ᠪᠠᠶᠢᠳᠠᠭ᠃ ᠭᠠᠯ ᠤᠨ ᠢᠷᠡᠯᠲᠡ ᠶᠢ | ᠰᠠᠶᠢᠲᠤᠷ ᠬᠠᠮᠢᠶᠠᠷᠬᠤ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ | ᠵᠠᠩᠭᠢᠯᠠᠭ᠎ᠠ ᠪᠣᠯᠣᠨ᠎ᠠ᠃ | ᠶᠠᠭᠠᠬᠢᠭᠠᠳ ᠣᠶᠢᠷ᠎ᠠ ᠶᠢᠨ ᠬᠤᠶᠠᠷ ᠵᠢᠯ ᠳᠤ ᠮᠠᠨ ᠤ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ | ᠭᠠᠯ ᠤᠨ ᠠᠶᠤᠯ ᠪᠠᠶᠢᠨ ᠳᠠᠬᠢᠨ ᠭᠠᠷᠴᠤ ᠪᠠᠶᠢᠬᠤ ᠪᠤᠢ︖ | ᠳᠤᠮᠳᠠᠳᠤ ᠤᠯᠤᠰ ᠤᠨ ᠭᠠᠵᠠᠷ ᠵᠦᠢ ᠶᠢᠨ ᠪᠠᠶᠢᠷᠢᠯᠠᠯ᠂ ᠭᠠᠵᠠᠷ ᠤᠨ ᠪᠠᠶᠢᠴᠠ ᠬᠡᠯᠪᠡᠷᠢ᠂ ᠴᠠᠭ ᠠᠭᠤᠷ ᠤᠨ | ᠠᠭᠤᠷ ᠠᠮᠢᠰᠬᠤᠯ ᠵᠢᠴᠢ ᠣᠶ ᠰᠢᠭᠤᠢ ᠶᠢᠨ ᠡᠬᠢ ᠪᠠᠶᠠᠯᠢᠭ ᠤᠨ ᠲᠠᠷᠬᠠᠯᠲᠠ ᠪᠠ ᠬᠥᠮᠥᠨ ᠠᠮᠠ ᠶᠢᠨ ᠣᠷᠣᠨ | ᠰᠠᠭᠤᠴᠠ ᠶᠢᠨ ᠨᠢᠭᠲᠠᠴᠠ ᠵᠡᠷᠭᠡ ᠪᠠᠶᠢᠳᠠᠯ ᠨᠢ ᠳᠤᠮᠳᠠᠳᠤ ᠤᠯᠤᠰ ᠤᠨ ᠣᠶ ᠰᠢᠭᠤᠢ ᠶᠢᠨ ᠭᠠᠯ ᠤᠨ ᠭᠠᠮᠰᠢᠭ ᠤᠨ | ᠲᠠᠷᠬᠠᠯᠲᠠ ᠶᠢ ᠥᠷᠭᠡᠨ ᠳᠡᠯᠭᠡᠷ ᠣᠨᠴᠠᠯᠢᠭ ᠲᠠᠢ ᠪᠣᠯᠭᠠᠵᠠᠢ᠃ ᠣᠶᠢᠷ᠎ᠠ ᠶᠢᠨ ᠵᠢᠯ ᠤᠳ ᠲᠤ᠂ ᠠᠭᠤᠷ ᠠᠮᠢᠰᠬᠤᠯ | ᠭᠠᠩ ᠬᠠᠭᠤᠷᠠᠢ᠂ ᠪᠥᠬᠦ ᠪᠥᠮᠪᠥᠷᠴᠡᠭ ᠳᠤᠯᠠᠭᠠᠷᠠᠵᠤ᠂ ᠣᠶ ᠰᠢᠭᠤᠢ ᠶᠢ ᠡᠪᠳᠡᠨ ᠠᠲᠠᠷ ᠬᠠᠭᠠᠯᠪᠤᠷᠢᠯᠠᠭᠰᠠᠨ ᠪᠥᠭᠡᠳ | ᠡᠷᠨᠢᠨᠦᠸ᠋ ᠶᠢᠨ ᠦᠵᠡᠭᠳᠡᠯ ᠨᠢ ᠪᠥᠬᠦ ᠳᠡᠯᠡᠬᠡᠢ ᠶᠢᠨ ᠬᠡᠪᠴᠢᠶᠡᠨ ᠳᠤ ᠠᠭᠤᠷ ᠠᠮᠢᠰᠬᠤᠯ ᠤᠨ ᠬᠤᠪᠢᠷᠠᠯᠲᠠ ᠶᠢ ᠪᠣᠶ | ᠪᠣᠯᠭᠠᠵᠤ᠂ ᠣᠶ ᠰᠢᠭᠤᠢ ᠶᠢᠨ ᠭᠠᠯ ᠤᠨ ᠭᠠᠮᠰᠢᠭ ᠢ ᠳᠡᠭᠡᠳᠦ ᠬᠡᠮᠵᠢᠶᠡᠨ ᠤ ᠬᠥᠭᠵᠢᠶᠡᠨᠲᠦ ᠬᠤᠭᠤᠴᠠᠭᠠᠨ ᠳᠤ | ᠣᠷᠣᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠮᠠᠨ ᠤ ᠤᠯᠤᠰ ᠲᠤ ᠶᠡᠭᠡ ᠬᠡᠪᠴᠢᠶᠡᠨ ᠤ ᠡᠭᠦᠰᠦᠮᠡᠯ ᠣᠶ | ᠪᠠᠶᠢᠳᠠᠭ᠂ ᠮᠣᠳᠣᠨ ᠤ ᠲᠥᠷᠥᠯ ᠨᠢ ᠲᠠᠩ ᠴᠤᠯᠭᠤᠢ᠂ ᠰᠡᠶᠢᠷᠡᠭ ᠨᠢᠭᠲᠠ ᠨᠢ ᠵᠢᠭᠳᠡ ᠪᠤᠰᠤ ᠮᠥᠷᠲᠡᠭᠡᠨ ᠰᠢᠭᠤᠶᠢᠲᠤ | ᠣᠷᠣᠨ ᠤ ᠨᠡᠶᠢᠭᠡᠮ ᠤᠨ ᠪᠠᠶᠢᠳᠠᠯ ᠨᠠᠷᠢᠨ ᠪᠤᠳᠤᠯᠢᠶᠠᠨᠲᠠᠢ᠂ ᠣᠶ ᠰᠢᠭᠤᠢ ᠲᠠᠷᠢᠶᠠᠨ ᠭᠠᠵᠠᠷ ᠰᠣᠯᠪᠢᠴᠠᠵᠤ᠂ ᠭᠠᠯ ᠤᠨ | ᠢᠷᠡᠯᠲᠡ ᠶᠢ ᠡᠵᠡᠮᠳᠡᠬᠦ ᠳᠤ ᠮᠠᠰᠢ ᠬᠦᠴᠢᠷᠲᠡᠢ ᠤᠴᠢᠷ ᠠᠴᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ | ᠭᠠᠮᠰᠢᠭ ᠮᠠᠰᠢ ᠠᠮᠠᠷᠬᠠᠨ ᠡᠭᠦᠰᠳᠡᠭ᠃ | | |