| ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾᠂ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ 2024 ᠣᠨ ᠤ 3 ᠰᠠᠷ᠎ᠠ ᠶᠢᠨ 7 ᠤ ᠡᠳᠦᠷ ᠠᠴᠠ 4 ᠰᠠᠷ᠎ᠠ ᠶᠢᠨ 25 ᠤ ᠡᠳᠦᠷ | ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ | ᠦᠷᠨᠢᠬᠦᠯᠬᠦ ᠪᠤᠯᠤᠨ᠎ᠠ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠨᠠᠮ ᠤᠨ | ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ | ᠪᠠᠶᠢᠳᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ | ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠵᠤ᠂ ᠭᠤᠣᠯᠳᠠᠭᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠤᠳᠤᠷᠢᠳᠬᠤ ᠪᠠᠭ ᠵᠢᠴᠢ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠭᠤᠣᠯ ᠬᠠᠷᠢᠭᠤᠴᠠᠯᠭᠠᠲᠠᠨ ᠪᠣᠯᠤᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ | ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ | ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ | ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ | ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ | ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ | ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ | ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ | | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ | ᠤᠲᠠᠰᠤ ᠲᠣᠬᠢᠷᠠᠭᠤᠯᠪᠠ᠄ 0475 — 5216550 ᠂ ᠡᠳᠦᠷ ᠪᠦᠷᠢ ᠶᠢᠨ ᠤᠳᠠᠰᠤ ᠭᠥᠯᠢᠶᠡᠨ ᠠᠪᠬᠤ | ᠴᠠᠭ ᠨᠢ 8᠄ 00 ᠠᠴᠠ 18᠄ 00︔ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ | ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ A436 ᠨᠣᠮᠧᠷᠲᠤ ᠰᠢᠤᠳᠠᠨ ᠤ | ᠵᠠᠬᠢᠳᠠᠯ ᠤᠨ ᠬᠠᠶᠢᠷᠴᠠᠭ︔ ᠢᠮᠧᠯ᠄ dwxszkzh@163.com︔ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ ᠭᠠᠵᠠᠷ᠄ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠪᠥᠸᠧ ᠸᠠᠩ ᠶᠡᠭᠡ ᠪᠠᠭᠤᠳᠠᠯ ᠤᠨ ᠨᠢᠭᠡᠳᠦᠭᠡᠷ ᠳᠠᠪᠬᠤᠷ ᠤᠨ 1307 ᠥᠷᠥᠭᠡ᠃ ᠡᠭᠦᠨ ᠤ ᠬᠠᠮᠲᠤ | ᠂ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠵᠡᠭᠦᠨ ᠲᠠᠯ᠎ᠠ᠂ ᠬᠤᠰᠢᠭᠤᠨ ᠤ ᠪᠠᠷᠠᠭᠤᠨ | ᠶᠡᠷᠦᠩᠬᠡᠶᠢᠯᠡᠭᠰᠡᠨ ᠠᠰᠠᠷ ᠤᠨ ᠵᠡᠭᠦᠨ ᠲᠠᠯ᠎ᠠ᠂ ᠠᠷᠠᠳ ᠤᠨ ᠠᠭᠤᠳᠠᠮ ᠲᠠᠯᠠᠪᠠᠶ᠂ ᠬᠤᠰᠢᠭᠤᠨ ᠤ ᠨᠠᠮ ᠣᠯᠠᠨ | ᠲᠦᠮᠡᠨ ᠤ ᠦᠢᠯᠡᠴᠢᠯᠡᠭᠡᠨ ᠤ ᠲᠥᠪ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ︶ ᠤᠨ ᠭᠤᠤᠯ ᠡᠭᠦᠳᠡ᠂ | ᠪᠥᠸᠧ ᠸᠠᠩ ᠶᠡᠭᠡ ᠪᠠᠭᠤᠳᠠᠯ ᠤᠨ ᠭᠤᠤᠯ ᠡᠭᠦᠳᠡᠨ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠪᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ | 2024 ᠣᠨ ᠤ 4 ᠰᠠᠷ᠎ᠠ ᠶᠢᠨ 20 ᠤ ᠡᠳᠦᠷ ᠪᠣᠯᠲᠠᠯ᠎ᠠ ᠦᠷᠭᠦᠯᠵᠢᠯᠡᠨ᠎ᠡ᠃ ᠥᠷᠭᠡᠨ ᠤᠯᠠᠨ ᠺᠠᠳ᠋ᠷ ᠤᠯᠠᠨ | ᠲᠦᠮᠡᠨ ᠤ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠮᠠᠶ᠋ᠢᠭ ᠢᠶᠠᠷ | ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠢ ᠪᠠᠷᠢᠮᠲᠠᠯᠠᠨ ᠪᠠᠶᠢᠳᠠᠯ ᠢᠶᠠᠨ ᠲᠤᠰᠬᠠᠬᠤ ᠶᠢ ᠪᠠᠶᠠᠷᠯᠠᠨ | ᠤᠭᠲᠤᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠠᠪᠤᠳᠤᠭᠠᠷ ᠲᠣᠭᠤᠷᠢᠨ ᠪᠠᠢᠴᠠᠭᠠᠬᠤ ᠳᠤᠭᠤᠢᠯᠠᠩ | 2024 ᠣᠨ ᠤ 3 ᠰᠠᠷ᠎ᠠ ᠶᠢᠨ 7 ᠤ ᠡᠳᠦᠷ | |