ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠭᠤᠣᠯ ᠮᠥᠷᠡᠨ ᠨᠠᠭᠤᠷ ᠴᠥᠭᠦᠷᠥᠮ ᠢ ᠬᠤᠯᠪᠤᠬᠤ ᠭᠤᠣᠯ ᠱᠤᠭᠤᠮ ᠤᠨ ᠢᠨᠵᠧᠨᠧᠷᠢᠩ ᠤᠨ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2024/3/19
   ᠬᠤᠷᠴᠢᠨ ᠤ ᠲᠠᠯ᠎ᠠ ᠨᠤᠲᠤᠭ ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠤᠨ ᠲᠥᠷᠥᠯ ᠵᠦᠢᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠢ ᠬᠤᠯᠪᠣᠬᠤ ᠭᠤᠣᠯ ᠱᠤᠭᠤᠮ ᠤᠨ ᠢᠨᠵᠧᠨᠧᠷᠢᠩ ᠣᠶᠢᠷ᠎ᠠ ᠳᠤ ᠠᠵᠢᠯ ᠢᠶᠠᠨ ᠰᠡᠷᠭᠦᠭᠡᠪᠡ᠃
       
    ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ ᠨᠢ ᠤᠰᠤᠨ ᠰᠤᠪᠠᠭ ᠤᠨ ᠢᠨᠵᠧᠨᠧᠷᠢᠩ ᠢᠶᠠᠷ ᠳᠠᠮᠵᠢᠨ ᠪᠠᠷᠠᠭᠤᠨ ᠠᠴᠠ ᠵᠡᠭᠦᠨᠰᠢ ᠪᠠᠶᠢᠳᠠᠲᠠᠯ᠎ᠠ ᠬᠠᠭ᠂ ᠬᠤᠸᠠ ᠭᠧᠨ ᠬᠠᠭ᠂ ᠳ᠋ᠦᠩ ᠮᠢᠶᠣᠣ ᠬᠠᠭ᠂ ᠬᠠᠪᠴᠢᠯ ᠤᠰᠤᠨ ᠴᠥᠭᠦᠷᠥᠮ᠂ ᠴᠡᠭᠡᠯ ᠤᠰᠤᠨ ᠴᠥᠭᠦᠷᠥᠮ ᠵᠡᠷᠭᠡ ᠤᠰᠤᠨ ᠣᠷᠣᠨ ᠢ ᠬᠤᠯᠪᠣᠨ ᠨᠠᠪᠲᠠᠷᠡᠭᠦᠯᠵᠦ᠂ ᠭᠤᠣᠯ ᠰᠤᠪᠠᠭ ᠢ ᠬᠤᠯᠪᠣᠨ ᠨᠡᠪᠲᠡᠷᠡᠭᠦᠯᠬᠦ ᠤᠷᠲᠤ ᠶᠢᠨ ᠬᠡᠮᠵᠢᠶ᠎ᠡ ᠨᠢ 135 ᠺᠢᠯᠣᠮᠧᠲᠷ ᠪᠣᠯᠣᠨ᠎ᠠ᠃
 
   ᠲᠤᠰ ᠢᠨᠵᠧᠨᠧᠷᠢᠩ ᠢ ᠪᠠᠶᠢᠭᠤᠯᠤᠭᠰᠠᠨ ᠤ ᠳᠠᠷᠠᠭ᠎ᠠ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠪᠠᠭᠠᠰᠬᠠᠵᠤ᠂ ᠤᠰᠤ ᠬᠠᠩᠭᠠᠬᠤ ᠪᠠᠲᠤᠯᠠᠭ᠎ᠠ ᠶᠢ ᠳᠡᠭᠡᠭᠰᠢᠯᠡᠭᠦᠯᠦᠨ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠢ ᠰᠠᠶᠢᠵᠢᠷᠠᠭᠤᠯᠵᠤ᠂ ᠣᠷᠣᠨ ᠪᠦᠰᠡ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠲᠡᠭᠡᠭᠰᠢᠯᠡᠬᠦᠯᠬᠦ ᠪᠤᠯᠤᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号