ᠤᠢ ᠰᠢᠭᠤᠢ ᠨᠤᠳᠤᠭ ᠪᠡᠯᠴᠢᠭᠡᠷ ᠤᠨ ᠭᠠᠯ ᠰᠡᠷᠭᠡᠶᠢᠯᠡᠬᠦ ᠶᠡᠷᠦ ᠶᠢᠨ ᠮᠡᠳᠡᠯᠭᠡ ︵ᠬᠤᠶᠠᠷ︶
ᠨᠡᠶᠢᠲᠡᠯᠡᠭᠰᠡᠨ ᠴᠠᠭ᠄
2024/3/19
    ᠤᠷᠢᠳᠴᠢᠯᠠᠨ ᠰᠡᠷᠭᠡᠶᠢᠯᠡᠬᠦ ᠶᠡᠷᠦ ᠶᠢᠨ ᠮᠡᠳᠡᠯᠭᠡ     ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠶᠢᠨ ᠠᠭᠤᠯᠭ᠎ᠠ ᠨᠢ ᠶᠠᠭᠤ ᠪᠣᠶ︖     ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠣᠯ ᠳᠠᠷᠤᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠭᠦᠰᠬᠦ ᠪᠠ ᠳᠡᠯᠭᠡᠷᠡᠬᠦ ᠶᠢ ᠰᠡᠷᠭᠡᠶᠢᠯᠡᠵᠦ᠂ ᠣᠶ ᠰᠢᠭᠤᠢ᠂ ᠣᠶ ᠮᠣᠳᠣ᠂ ᠣᠶᠢᠲᠤ ᠭᠠᠵᠠᠷ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠪᠠ ᠤᠨᠲᠠᠷᠠᠭᠠᠨ ᠠᠪᠤᠷᠠᠬᠤ ᠠᠵᠢᠯᠯᠠᠭ᠎ᠠ ᠶᠢᠨ ᠶᠠᠪᠤᠴᠠ ᠶᠢᠨ ᠶᠡᠷᠦᠩᠬᠡᠢ ᠨᠡᠷᠡᠶᠢᠳᠦᠯ ᠪᠣᠯᠣᠨ᠎ᠠ᠃    ᠮᠠᠨ ᠤ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠴᠢᠭᠯᠡᠯᠲᠡ ᠨᠢ ᠶᠠᠭᠤ ᠪᠣᠶ︖    2008 ᠣᠨ ᠤ 11 ᠰᠠᠷ᠎ᠠ ᠶᠢᠨ 19 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ 36 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠠᠴᠠ ᠵᠠᠰᠠᠪᠤᠷᠢ ᠣᠷᠣᠭᠤᠯᠵᠤ ᠪᠠᠲᠤᠯᠠᠭᠰᠠᠨ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠪᠣᠯᠣᠨ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠤᠨ ᠶᠣᠰᠣᠭᠠᠷ᠂ ᠮᠠᠨ ᠤ ᠤᠯᠤᠰ ᠤᠨ ᠣᠶ ᠰᠢᠭᠤᠢ ᠶᠢᠨ ᠭᠠᠯ ᠰᠡᠷᠭᠡᠶᠢᠯᠡᠬᠦ ᠠᠵᠢᠯ ᠳᠤ ᠰᠡᠷᠭᠡᠶᠢᠯᠡᠬᠦ ᠪᠠᠷ ᠭᠤᠣᠯ ᠪᠣᠯᠭᠠᠵᠤ᠂ ᠢᠳᠡᠪᠬᠢᠲᠡᠢ ᠤᠨᠳᠠᠷᠠᠭᠠᠬᠤ ᠴᠢᠭᠯᠡᠯᠲᠡ  ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ ᠴᠢᠭᠯᠡᠯᠲᠡ ᠶᠢ ᠬᠡᠷᠡᠭᠵᠢᠭᠦᠯᠦᠨ᠎ᠡ᠃ ᠤᠷᠢᠳᠴᠢᠯᠠᠨ ᠰᠡᠷᠭᠡᠶᠢᠯᠡᠬᠦ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢᠨ ᠤᠷᠢᠲᠠᠯ ᠪᠠ ᠵᠠᠩᠭᠢᠯᠠᠭ᠎ᠠ ᠪᠣᠯᠣᠨ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠤ ᠡᠷᠬᠡᠪᠰᠢ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠬᠡᠷᠡᠭᠲᠡᠢ᠃ ᠢᠳᠡᠪᠬᠢᠲᠡᠢ ᠤᠨᠳᠠᠷᠠᠭᠠᠬᠤ᠂ ᠰᠡᠷᠭᠡᠶᠢᠯᠡᠬᠦ ᠪᠠ ᠤᠰᠠᠳᠬᠠᠬᠤ ᠶᠢ ᠤᠶᠠᠯᠳᠤᠭᠤᠯᠬᠤ ᠭᠡᠳᠡᠭ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠮᠠᠭᠴᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠬᠡᠪᠰᠢ ᠠᠵᠠ ᠲᠣᠬᠢᠶᠠᠯ ᠢ ᠠᠳᠬᠤᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠤᠨᠲᠠᠷᠠᠭᠠᠵᠤ᠂ ︽ᠡᠷᠲᠡ ᠤᠨᠳᠠᠷᠠᠭᠠᠬᠤ᠂ ᠪᠠᠭ᠎ᠠ ᠳᠤᠨᠢ ᠤᠨᠳᠠᠷᠠᠭᠠᠬᠤ᠂ ᠤᠨᠳᠠᠷᠠᠭᠠᠬᠤ ᠲᠡᠶᠢᠯᠬᠦ︾ ᠶᠢ ᠬᠢᠵᠦ ᠭᠦᠢᠴᠡᠳᠭᠡᠨ᠂ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢ ᠵᠢᠭᠠᠵᠤ ᠪᠣᠶ᠃     ᠣᠢ ᠰᠢᠭᠤᠢ ᠶᠢᠨ ᠭᠠᠯ ᠲᠦᠢᠮᠡᠷ ᠤᠨ ᠲᠦᠭᠰᠢᠭᠦᠷᠢ ᠮᠡᠳᠡᠬᠦᠯᠬᠦ ᠲᠤᠰᠬᠠᠢ ᠤᠲᠠᠰᠤ ᠨᠢ ᠬᠡᠳᠦᠢ ᠪᠤᠢ︖ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠣᠯᠵᠤ ᠮᠡᠳᠡᠪᠡᠯ ᠬᠡᠷᠬᠢᠨ ᠲᠦᠭᠰᠢᠭᠦᠷᠢ ᠮᠡᠳᠡᠭᠦᠯᠬᠦ ᠪᠣᠶ︖     ᠪᠥᠬᠦ ᠤᠯᠤᠰ ᠤᠨ ᠨᠢᠭᠡᠳᠦᠯᠲᠡᠢ ᠣᠶ ᠰᠢᠭᠤᠢ ᠶᠢᠨ ᠭᠠᠯ ᠲᠦᠢᠮᠡᠷ ᠤᠨ ᠲᠦᠭᠰᠢᠭᠦᠷᠢ ᠮᠡᠳᠡᠭᠦᠯᠬᠦ ᠲᠤᠰᠬᠠᠢ ᠤᠲᠠᠰᠤ ᠪᠣᠯ᠄ 12119 ᠪᠣᠯᠣᠨ᠎ᠠ᠃    ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠣᠯᠵᠤ ᠮᠡᠳᠡᠭᠰᠡᠨ ᠤ ᠳᠠᠷᠠᠭ᠎ᠠ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠬᠦ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠣᠯᠣᠨ᠎ᠠ᠃ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠳᠠᠷᠤᠶᠢᠬᠠᠨ ︽12119︾ ᠳᠤ ᠤᠲᠠᠰᠤᠳᠠᠵᠤ ᠴᠠᠭᠳᠠᠭ᠎ᠠ ᠳᠤ ᠮᠡᠳᠡᠭᠦᠯᠬᠦ ᠬᠡᠷᠡᠭᠲᠡᠢ᠃ ᠲᠦᠭᠰᠢᠭᠦᠷᠢ ᠮᠡᠳᠡᠭᠦᠯᠬᠦ ᠳᠡᠭᠡᠨ ᠠᠩᠬᠠᠷᠬᠤ ᠬᠡᠷᠡᠭᠲᠡᠢ᠄ ᠭᠠᠯ ᠭᠠᠷᠤᠭᠰᠠᠨ ᠭᠠᠵᠠᠷ ᠤᠨ ᠪᠠᠶᠢᠭ᠎ᠠ ᠰᠢᠶᠠᠨ ᠬᠤᠲᠠ᠂ ᠰᠢᠶᠠᠩ᠂ ᠭᠠᠴᠠᠭ᠎ᠠ ᠵᠢᠴᠢ ᠪᠣᠳᠠᠲᠠᠢ ᠭᠠᠵᠠᠷ ᠤᠨ ᠨᠡᠷ᠎ᠡ᠂ ᠠᠭᠤᠯᠠ ᠶᠢᠨ ᠨᠡᠷ᠎ᠡ ᠶᠢ ᠮᠡᠳᠡᠭᠦᠯᠬᠦ ᠬᠡᠷᠡᠭᠲᠡᠢ︔  ᠭᠠᠯ ᠤᠨ ᠬᠦᠴᠦᠨ ᠤ ᠶᠡᠭᠡ ᠪᠠᠭ᠎ᠠ ᠪᠤᠶᠤ ᠬᠤᠣᠷ ᠬᠥᠨᠥᠭᠡᠯ ᠤᠨ ᠬᠡᠮᠵᠢᠶ᠎ᠡ ᠶᠢ ᠲᠣᠳᠣᠷᠬᠠᠢ ᠬᠡᠯᠡᠨ᠎ᠡ︔ ᠴᠠᠭᠳᠠᠭ᠎ᠠ ᠳᠤ ᠮᠡᠳᠡᠭᠦᠯᠦᠭᠴᠢ ᠶᠢᠨ ᠣᠪᠣᠭ ᠨᠡᠷ᠎ᠡ᠂ ᠪᠡᠶ᠎ᠡ ᠭᠠᠷᠤᠯ᠂ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠮᠡᠳᠡᠭᠦᠯᠦᠨ᠎ᠡ᠃     ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠰ ᠢ ᠬᠡᠷᠬᠢᠨ ᠬᠤᠪᠢᠶᠠᠷᠢᠯᠠᠭᠰᠠᠨ ᠪᠣᠶ︖     ᠤᠢ ᠰᠢᠭᠤᠢ ᠶᠢᠨ ᠭᠠᠯ ᠤᠨ ᠠᠶᠤᠯ ᠤᠨ ᠲᠡᠰ ᠢ ᠲᠠᠪᠤᠨ ᠳᠡᠰ ᠬᠤᠪᠢᠶᠠᠵᠤ᠂ ᠳᠤᠰ ᠳᠤᠰ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ᠂ ᠳᠥᠷᠪᠡᠳᠦᠭᠡᠷ ᠳᠡᠰ᠂ ᠲᠠᠪᠤᠳᠤᠭᠠᠷ ᠳᠡᠰ ᠬᠤᠪᠢᠶᠠᠨ᠎ᠠ᠃ ᠡᠭᠦᠨ ᠳᠤ ᠭᠤᠷᠪᠠᠳᠤᠭᠠᠷ ᠳᠡᠰ᠂ ᠳᠥᠷᠪᠡᠳᠦᠭᠡᠷ ᠳᠡᠰ᠂ ᠲᠠᠪᠤᠳᠤᠭᠠᠷ ᠳᠡᠰ ᠨᠢ ᠤᠢ ᠰᠢᠭᠤᠢ ᠶᠢᠨ ᠭᠠᠯ ᠤᠨ ᠠᠶᠤᠯ ᠤᠨ ᠵᠡᠷᠭᠡ ᠳᠡᠰ ᠪᠣᠯᠣᠨ᠎ᠠ᠃ ᠨᠢᠭᠡᠳᠦᠭᠡᠷ ᠳᠡᠰ ᠨᠢ ᠨᠣᠴᠣᠬᠤ ᠳᠤ ᠬᠦᠴᠢᠷ ᠴᠠᠭ ᠠᠭᠤᠷ ᠪᠠᠶᠢᠵᠤ ᠭᠠᠯ ᠬᠡᠷᠡᠭᠯᠡᠵᠦ ᠪᠣᠯᠣᠨ᠎ᠠ︔ ᠬᠤᠶᠠᠳᠤᠭᠠᠷ ᠳᠡᠰ ᠨᠢ ᠠᠮᠠᠷᠬᠠᠨ ᠨᠣᠴᠣᠬᠤ ᠦᠭᠡᠢ ᠴᠠᠭ ᠠᠭᠤᠷ ᠪᠠᠶᠢᠵᠤ᠂ ᠭᠠᠯ ᠬᠡᠷᠡᠭᠯᠡᠵᠦ ᠪᠣᠯᠬᠤ ᠪᠣᠯᠪᠠᠴᠤ ᠭᠠᠯ ᠠᠯᠳᠠᠵᠤ ᠮᠡᠳᠡᠨ᠎ᠡ︔ ᠭᠤᠷᠪᠠᠳᠤᠭᠠᠷ ᠳᠡᠰ ᠨᠢ ᠨᠣᠴᠣᠬᠤ ᠴᠠᠭ ᠠᠭᠤᠷ ᠲᠤᠯᠠ ᠭᠠᠯ ᠢ ᠡᠵᠡᠮᠰᠢᠨ ᠬᠡᠷᠡᠭᠯᠡᠨ᠎ᠡ︔ ᡽ᠳᠥᠷᠪᠡᠳᠦᠭᠡᠷ ᠳᠡᠰ ᠨᠢ ᠠᠮᠠᠷᠬᠠᠨ ᠨᠣᠴᠣᠬᠤ ᠭᠠᠯ ᠤᠨ ᠠᠶᠤᠯ ᠶᠡᠬᠡᠲᠡᠢ ᠴᠠᠭ ᠠᠭᠤᠷ ᠪᠣᠯᠬᠤᠷ ᠰᠢᠭᠤᠶᠢᠲᠤ ᠣᠷᠣᠨ ᠳᠤ ᠭᠠᠯ ᠬᠡᠷᠡᠭᠯᠡᠬᠦ ᠪᠠᠨ ᠵᠣᠭᠰᠣᠬᠤ ᠬᠡᠷᠡᠭᠲᠡᠢ︔ ᠲᠠᠪᠤᠳᠤᠭᠠᠷ ᠳᠡᠰ ᠨᠢ ᠲᠤᠶᠢᠯ ᠤᠨ ᠠᠮᠠᠷᠬᠠᠨ ᠨᠣᠴᠣᠳᠠᠭ ᠬᠠᠮᠤᠭ ᠳᠡᠭᠡᠳᠦ ᠳᠡᠰ ᠤᠨ ᠭᠠᠯ ᠤᠨ ᠠᠶᠤᠯ ᠲᠠᠢ ᠴᠠᠭ ᠠᠭᠤᠷ ᠪᠣᠯᠬᠤ ᠲᠤᠯᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃     ᠳᠦᠷᠦ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠠᠶᠤᠯ ᠤᠨ ᠬᠡᠮᠵᠢᠶ᠎ᠡ ᠪᠠ ᠨᠥᠯᠥᠭᠡᠯᠡᠬᠦ ᠬᠡᠪᠴᠢᠶ᠎ᠡ ᠵᠡᠷᠭᠡ ᠶᠢ ᠦᠨᠳᠦᠰᠦᠯᠡᠨ᠂ ᠪᠦᠬᠦ ᠤᠯᠤᠰ ᠤᠨ ᠨᠤᠲᠤᠭ ᠪᠡᠯᠴᠢᠭᠡᠷ ᠢ ᠲᠤᠶᠢᠯ ᠤᠨ ᠥᠨᠳᠥᠷ᠂ ᠥᠨᠳᠥᠷ᠂ ᠳᠤᠮᠳᠠ᠂ ᠳᠣᠣᠷ᠎ᠠ ᠵᠡᠷᠭᠡ 4 ᠳᠡᠰ ᠤᠨ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠶᠤᠯ ᠤᠨ ᠣᠷᠣᠨ ᠬᠤᠪᠢᠶᠠᠨ᠎ᠠ᠃     ᠣᠶ ᠰᠢᠭᠤᠢ ᠶᠢᠨ ᠭᠠᠯ ᠤᠨ ᠠᠶᠤᠯ ᠤᠨ ᠰᠡᠷᠡᠮᠵᠢ ᠶᠢᠨ ᠳᠣᠬᠢᠶ᠎ᠠ ᠶᠢ ᠶᠠᠮᠠᠷ ᠬᠡᠳᠦᠨ ᠳᠡᠰ ᠬᠤᠪᠢᠶᠠᠬᠤ ᠪᠣᠶ︖     ᠣᠶ ᠰᠢᠭᠤᠢ ᠶᠢᠨ ᠭᠠᠯ ᠤᠨ ᠠᠶᠤᠯ ᠤᠨ ᠲᠠᠰ ᠵᠢᠴᠢ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ ᠣᠶ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠪᠠᠶᠢᠭᠤᠯᠤᠮᠵᠢ   ᠠᠴᠠ ᠨᠡᠶᠢᠲᠡᠯᠡᠭᠰᠡᠨ ᠰᠡᠷᠡᠮᠵᠢ ᠶᠢᠨ ᠳᠣᠬᠢᠶ᠎ᠠ ᠶᠢ ᠳᠤᠮᠳᠠ ᠵᠡᠷᠭᠡ ᠶᠢᠨ ᠠᠶᠤᠯ᠂ ᠨᠡᠯᠢᠶᠡᠳ ᠥᠨᠳᠥᠷ ᠠᠶᠤᠯ᠂ ᠳᠡᠭᠡᠳᠦ ᠬᠡᠮᠵᠢᠶᠡᠨ ᠤ ᠠᠶᠤᠯ᠂ ᠲᠤᠶᠢᠯ ᠤᠨ ᠶᠡᠭᠡ ᠠᠶᠤᠯ ᠵᠡᠷᠭᠡ 4 ᠲᠠᠰ ᠬᠤᠪᠢᠶᠠᠵᠤ᠂ ᠬᠥᠬᠡ᠂ ᠰᠢᠷ᠎ᠠ᠂ ᠤᠯᠠᠪᠤᠷ᠂ ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ ᠪᠣᠯᠣᠨ᠎ᠠ᠂ ᠡᠭᠦᠨ ᠳᠤ ᠤᠯᠠᠪᠤᠷ᠂ ᠤᠯᠠᠭᠠᠨ ᠥᠩᠭᠡ ᠨᠢ ᠣᠶ ᠰᠢᠭᠤᠢ ᠶᠢᠨ ᠭᠠᠯ ᠤᠨ ᠠᠶᠤᠯ ᠤᠨ ᠰᠡᠷᠡᠮᠵᠢ ᠶᠢᠨ ᠳᠣᠬᠢᠶ᠎ᠠ ᠪᠣᠯᠣᠨ᠎ᠠ᠃    ᠶᠠᠭᠤ ᠶᠢ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭ᠎ᠠ ᠭᠡᠬᠦ ᠪᠣᠶ︖    ᠡᠩ ᠤᠨ ᠪᠠᠶᠢᠳᠠᠯ ᠳᠤ ᠣᠶ ᠰᠢᠭᠤᠢ ᠨᠤᠲᠤᠭ ᠪᠡᠯᠴᠢᠭᠡᠷ ᠲᠤ ᠠᠮᠠᠷᠬᠠᠨ ᠭᠠᠯ ᠤᠨ ᠠᠶᠤᠯ ᠭᠠᠷᠳᠠᠭ ᠤᠯᠠᠷᠢᠯ ᠢ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭ᠎ᠠ ᠪᠠᠷ ᠲᠣᠭᠲᠠᠭᠠᠳᠠᠭ᠃ ᠠᠭᠤᠷ ᠠᠮᠢᠰᠬᠤᠯ ᠤᠨ ᠣᠨᠴᠠᠯᠢᠭ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠭᠦᠰᠬᠦ ᠵᠢᠮ᠎ᠡ ᠶᠣᠰᠣ ᠶᠢ ᠦᠨᠳᠦᠰᠦᠯᠡᠨ᠂ ᠠᠳᠠᠯᠢ ᠪᠤᠰᠤ ᠭᠠᠵᠠᠷ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭ᠎ᠠ ᠨᠢ ᠠᠳᠠᠯᠢ ᠪᠤᠰᠤ ᠪᠠᠶᠢᠳᠠᠭ᠃     ᠤᠢ ᠰᠢᠭᠤᠢ ᠶᠢᠨ ᠭᠠᠯ ᠢ ᠰᠡᠷᠭᠡᠶᠢᠯᠡᠬᠦ ᠬᠤᠭᠤᠴᠠᠭᠠᠨ ᠳᠤ ᠰᠢᠭᠤᠶᠢᠲᠤ ᠣᠷᠣᠨ ᠳᠤ ᠭᠠᠯ ᠬᠡᠷᠡᠭᠯᠡᠬᠦ ᠳᠤ ᠶᠠᠮᠠᠷ ᠲᠣᠭᠲᠠᠭᠠᠯ ᠲᠠᠢ ᠪᠤᠢ︖     ᠤᠢ ᠰᠢᠭᠤᠢ ᠶᠢᠨ ᠭᠠᠯ ᠰᠡᠷᠭᠡᠶᠢᠯᠡᠬᠦ ᠬᠤᠭᠤᠴᠠᠭᠠᠨ ᠳᠤ ᠤᠢ ᠰᠢᠭᠤᠢ ᠶᠢᠨ ᠭᠠᠯ ᠰᠡᠷᠭᠡᠶᠢᠯᠡᠬᠦ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃ ᠣᠨᠴᠣᠭᠤᠢ ᠪᠠᠶᠢᠳᠠᠯ ᠠᠴᠠ ᠪᠣᠯᠣᠭᠠᠳ ᠭᠠᠯ ᠬᠡᠷᠡᠭᠯᠡᠬᠦ ᠴᠢᠬᠤᠯᠠ ᠲᠠᠢ ᠪᠣᠯ ᠡᠷᠬᠡᠪᠰᠢ ᠵᠥᠪᠰᠢᠶᠡᠷᠡᠭᠦᠯᠬᠦ ᠭᠠᠷ ᠭᠦᠢᠴᠡᠳᠬᠡᠯ ᠢ ᠴᠢᠩᠭ᠎ᠠ ᠭᠤᠶᠤᠴᠢᠯᠠᠬᠤ ᠶᠢᠨ ᠬᠠᠮᠲᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ ᠠᠪᠬᠤ ᠬᠡᠷᠡᠭᠲᠡᠢ᠃    ᠡᠪᠡᠳᠴᠢᠨ ᠬᠤᠷᠣᠬᠠᠢ ᠬᠤᠯᠤᠭᠠᠨ᠎ᠠ ᠶᠢᠨ ᠭᠠᠮᠰᠢᠭ᠂ ᠬᠥᠯᠳᠡᠬᠦ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠣᠨᠴᠠᠭᠠᠶ ᠪᠠᠶᠢᠳᠠᠯ ᠠᠴᠠ ᠪᠣᠯᠵᠤ ᠬᠡᠭᠡᠷ᠎ᠡ ᠭᠠᠳᠠᠨ᠎ᠠ ᠦᠨᠡᠬᠡᠷ ᠭᠠᠯ ᠬᠡᠷᠡᠭᠯᠡᠬᠦ ᠴᠢᠬᠤᠯᠠᠲᠠᠢ ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠭᠠᠯ ᠠᠯᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠤᠢ ᠰᠢᠭᠤᠢ ᠶᠢᠨ ᠭᠠᠯ ᠰᠡᠷᠭᠡᠶᠢᠯᠡᠬᠦ ᠣᠷᠣᠨ ᠳᠤ ᠣᠷᠣᠵᠤ ᠦᠨᠡᠨ ᠰᠤᠮᠤ ᠶᠢᠨ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠ ᠲᠠᠢ ᠪᠣᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ ᠪᠥᠭᠡᠳ ᠭᠠᠯ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠢ︔ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠣᠯᠣᠨ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠ ᠪᠤᠰᠤᠳ ᠪᠠᠴᠢᠮ ᠡᠭᠦᠷᠭᠡ ᠶᠢ ᠭᠦᠢᠴᠡᠳᠬᠡᠬᠦ ᠶᠢᠨ ᠬᠠᠷᠠᠭ᠎ᠠ ᠪᠠᠷ ᠤᠢ ᠰᠢᠭᠤᠢ ᠶᠢᠨ ᠭᠠᠯ ᠰᠡᠷᠭᠡᠶᠢᠯᠡᠬᠦ ᠣᠷᠣᠨ ᠳᠤ ᠣᠷᠣᠬᠤ ᠴᠢᠬᠤᠯᠠ ᠲᠠᠢ ᠪᠣᠯ ᠲᠡᠭᠦᠨ ᠤ ᠳᠡᠭᠡᠳᠦ ᠱᠠᠲᠤᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ ᠪᠥᠭᠡᠳ ᠭᠠᠯ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠢ᠃     ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ᠂ ᠨᠤᠲᠤᠭ ᠪᠡᠯᠴᠢᠭᠡᠷ ᠳᠡᠭᠡᠷ᠎ᠡ ᠭᠠᠯ ᠬᠡᠷᠡᠭᠯᠡᠬᠦ ᠳᠤ ᠶᠠᠮᠠᠷ ᠲᠣᠭᠲᠠᠭᠠᠯ ᠲᠠᠢ ᠪᠣᠶ︖     ︽ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠤᠶᠢᠷᠢᠮ︾ ᠳᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠵᠢᠮ᠎ᠡ ᠶᠣᠰᠣ ᠶᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭ᠎ᠠ ᠶᠢ ᠲᠣᠭᠲᠠᠭᠠᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ ᠭᠡᠵᠦ ᠲᠣᠭᠲᠠᠭᠠᠵᠠᠢ᠃     ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠨᠤᠲᠤᠭ ᠪᠡᠯᠴᠢᠭᠡᠷ ᠳᠡᠭᠡᠷ᠎ᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃ ᠦᠢᠯᠡᠳᠪᠦᠷᠢᠯᠡᠯ ᠤᠨ ᠠᠵᠢᠯᠯᠠᠭ᠎ᠠ ᠶᠢᠨ ᠬᠡᠷᠡᠭᠴᠡᠭᠡ ᠠᠴᠠ ᠪᠣᠯᠵᠤ ᠨᠤᠲᠤᠭ ᠪᠡᠯᠴᠢᠭᠡᠷ ᠳᠡᠭᠡᠷ᠎ᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠤ ᠬᠦᠷᠪᠡᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠃ ᠭᠠᠯ ᠬᠡᠷᠡᠭᠯᠡᠬᠦ ᠨᠢᠭᠡᠴᠢ ᠪᠤᠶᠤ ᠬᠤᠪᠢ ᠬᠥᠮᠥᠨ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠭᠠᠯ ᠠᠯᠳᠠᠬᠤ ᠠᠴᠠ ᠰᠡᠷᠭᠡᠶᠢᠯᠡᠬᠦ ᠬᠡᠷᠡᠭᠲᠡᠢ᠃ ᠠᠮᠢᠳᠤᠷᠠᠯ ᠤᠨ ᠬᠡᠷᠡᠭᠴᠡᠭᠡ ᠠᠴᠠ ᠪᠣᠯᠵᠤ ᠨᠤᠲᠤᠭ ᠪᠡᠯᠴᠢᠭᠡᠷ ᠳᠡᠭᠡᠷ᠎ᠡ ᠭᠠᠯ ᠬᠡᠷᠡᠭᠯᠡᠬᠦ ᠳᠤ ᠬᠦᠷᠪᠡᠯ ᠠᠶᠤᠯ ᠦᠭᠡᠢ ᠭᠠᠵᠠᠷ ᠢ ᠰᠣᠩᠭᠤᠵᠤ᠂ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠭᠠᠯ ᠬᠡᠷᠡᠭᠯᠡᠭᠰᠡᠨ ᠤ ᠲᠡᠷᠠᠭ᠎ᠠ ᠦᠯᠡᠳᠡᠭᠰᠡᠨ ᠭᠠᠯ ᠢ ᠲᠤᠶᠢᠯᠪᠤᠷᠢᠲᠠᠢ ᠤᠨᠲᠠᠷᠠᠭᠠᠬᠤ ᠬᠡᠷᠡᠭᠲᠡᠢ᠃     ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠨᠤᠲᠤᠭ ᠪᠡᠯᠴᠢᠭᠡᠷ ᠳᠡᠭᠡᠷ᠎ᠡ ᠠᠵᠢᠯᠯᠠᠵᠤ ᠪᠠᠶᠢᠭ᠎ᠠ ᠪᠤᠶᠤ ᠶᠠᠪᠤᠵᠤ ᠪᠠᠶᠢᠭ᠎ᠠ ᠮᠠᠰᠢᠨ ᠲᠡᠷᠭᠡᠨ ᠳᠤ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨ ᠰᠤᠷ ᠦᠰᠦᠷᠬᠦ᠂ ᠭᠠᠯ ᠰᠦᠷᠴᠢᠬᠦ ᠪᠠ ᠬᠠᠭᠠᠯᠲᠠ ᠸᠠᠭᠠᠷ ᠤᠨᠠᠵᠤ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠤᠲᠤᠭ ᠪᠡᠯᠴᠢᠭᠡᠷ ᠳᠡᠭᠡᠷ᠎ᠡ ᠶᠠᠪᠤᠵᠤ ᠪᠠᠶᠢᠭ᠎ᠠ ᠤᠯᠡᠠ ᠨᠡᠶᠢᠲᠡ ᠶᠢᠨ ᠵᠡᠮ ᠬᠠᠷᠢᠯᠴᠠᠭᠠᠨ ᠤ ᠪᠠᠭᠠᠵᠢ ᠬᠡᠷᠡᠭᠰᠡᠯ ᠳᠡᠭᠡᠷᠡᠬᠢ ᠵᠢᠯᠣᠭᠤᠴᠢ ᠪᠣᠯᠣᠨ ᠠᠶᠠᠨ ᠤ ᠦᠢᠯᠡᠴᠢᠯᠡᠭᠴᠢ ᠠᠴᠠ ᠠᠶᠠᠨᠴᠢᠳ ᠲᠤ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠤᠬᠠᠢ ᠤᠬᠠᠭᠤᠯᠭ᠎ᠠ ᠬᠢᠬᠦ ᠬᠡᠷᠡᠭᠲᠡᠢ᠃ ᠵᠢᠯᠣᠭᠤᠴᠢ᠂ ᠭᠠᠯᠲᠤ ᠲᠡᠷᠭᠡᠨ ᠤ ᠦᠢᠯᠡᠴᠢᠯᠡᠭᠴᠢ ᠪᠠ ᠠᠶᠠᠨᠴᠢᠳ ᠭᠠᠯ ᠢᠶᠠᠨ ᠬᠠᠶᠠᠵᠤ ᠪᠣᠯᠬᠤ ᠦᠭᠡᠢ᠃     ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠲᠤ ᠣᠷᠣᠬᠤ᠂ ᠭᠠᠯ ᠤᠨ ᠠᠶᠤᠯ ᠭᠠᠷᠬᠤ ᠲᠡᠯᠳᠠ ᠭᠡᠮ ᠣᠷᠣᠰᠢᠵᠤ ᠪᠠᠶᠢᠭ᠎ᠠ ᠲᠡᠷᠭᠡ ᠬᠥᠰᠬᠡ ᠵᠢᠴᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠴᠤ ᠮᠡᠳᠡᠬᠦ ᠬᠡᠭᠡᠷ᠎ᠡ ᠭᠠᠳᠠᠨ᠎ᠠ ᠠᠵᠢᠯᠯᠠᠬᠤ ᠠᠵᠢᠯᠯᠠᠭ᠎ᠠ ᠳᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠠᠶᠤᠯᠭᠦᠢ ᠶᠢᠨ ᠪᠠᠶᠢᠴᠠᠭᠠᠯᠲᠠ ᠬᠢᠬᠦ ᠬᠡᠷᠡᠭᠲᠡᠢ᠃ ᠭᠠᠯ ᠤᠨ ᠠᠶᠤᠯ ᠭᠠᠷᠬᠤ ᠲᠡᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠠᠷᠭ᠎ᠠ ᠬᠡᠮᠵᠢᠶ᠎ᠡ ᠠᠪᠴᠤ ᠪᠠᠶᠢᠭᠠᠳ ᠭᠠᠯ ᠤᠨ ᠠᠶᠤᠯ ᠭᠠᠷᠬᠤ ᠲᠡᠯᠳᠠ ᠭᠡᠮ ᠢ ᠠᠷᠢᠯᠭᠠᠬᠤ ᠶᠢ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠲᠤ ᠮᠡᠳᠡᠭᠳᠡᠬᠦ ᠬᠡᠷᠡᠭᠲᠡᠢ︔ ᠠᠷᠭ᠎ᠠ ᠬᠡᠮᠵᠢᠶ᠎ᠡ ᠠᠪᠴᠤ ᠪᠠᠶᠢᠭᠠᠳ ᠭᠠᠯ ᠤᠨ ᠠᠶᠤᠯ ᠭᠠᠷᠬᠤ ᠲᠡᠯᠳᠠ ᠭᠡᠮ ᠢ ᠠᠷᠢᠯᠭᠠᠬᠤ ᠶᠢ ᠲᠡᠪᠴᠢᠭᠰᠡᠨ ᠪᠠᠶᠢᠪᠠᠯ᠂ ᠨᠤᠲᠤᠭ ᠪᠡᠯᠴᠢᠭᠡᠷ ᠲᠤ ᠣᠷᠣᠬᠤ ᠪᠤᠶᠤ ᠨᠤᠲᠤᠭ ᠪᠡᠯᠴᠢᠭᠡᠷ ᠳᠡᠭᠡᠷ᠎ᠡ ᠬᠡᠭᠡᠷ᠎ᠡ ᠭᠠᠳᠠᠨ᠎ᠠ ᠠᠵᠢᠯᠯᠠᠬᠤ ᠠᠵᠢᠯᠯᠠᠭ᠎ᠠ ᠬᠢᠬᠦ ᠶᠢ ᠴᠠᠭᠠᠵᠠᠯᠠᠨ᠎ᠠ᠃         ᠣᠶ ᠰᠢᠭᠤᠢ ᠶᠢᠨ ᠭᠠᠯ ᠰᠡᠷᠭᠡᠶᠢᠯᠡᠯᠲᠡ ᠶᠢᠨ ︽ᠠᠷᠪᠠ ᠪᠤᠯᠬᠤ ᠦᠭᠡᠢ︾ ᠭᠡᠳᠡᠭ ᠨᠢ ᠶᠡᠷᠦ ᠳᠡᠭᠡᠨ ᠠᠯᠢ ︽ᠠᠷᠪᠠ ᠪᠤᠯᠬᠤ ᠦᠭᠡᠢ︾ ᠭᠡᠳᠡᠭ ᠢ ᠬᠡᠯᠡᠳᠡᠭ ᠪᠣᠶ︖     ᠨᠢᠭᠡ᠂ ᠭᠠᠯ ᠤᠨ ᠣᠴᠢ ᠠᠪᠴᠤ ᠠᠭᠤᠯᠠᠨ ᠳᠤ ᠣᠷᠣᠵᠤ ᠪᠣᠯᠬᠤ ᠦᠭᠡᠢ︔     ᠬᠤᠶᠠᠷ᠂ ᠰᠢᠭᠤᠶᠢᠲᠤ ᠣᠷᠣᠨ ᠳᠤ ᠲᠠᠮᠠᠬᠢ ᠲᠠᠲᠠᠵᠤ ᠪᠣᠯᠬᠤ ᠦᠭᠡᠢ᠂ ᠭᠠᠯ ᠪᠠᠮᠪᠠᠷ ᠠᠰᠠᠭᠠᠵᠤ ᠪᠣᠯᠬᠤ ᠦᠭᠡᠢ︔     ᠭᠤᠷᠪᠠ᠂ ᠠᠭᠤᠯᠠᠨ ᠳᠤ ᠬᠡᠭᠡᠷ᠎ᠡ ᠬᠤᠭᠤᠯᠠᠯᠠᠵᠤ᠂ ᠢᠳᠡᠭᠡᠨ ᠰᠢᠷᠠᠵᠤ ᠪᠣᠯᠬᠤ ᠦᠭᠡᠢ︔     ᠳᠥᠷᠪᠡ᠂ ᠰᠢᠭᠤᠶᠢᠲᠤ ᠣᠷᠣᠨ ᠳᠤ ᠬᠦᠵᠢ ᠠᠰᠠᠭᠠᠵᠤ᠂ ᠴᠠᠭᠠᠰᠤ ᠰᠢᠲᠠᠭᠠᠵᠤ᠂ ᠬᠤᠸᠠᠷ ᠫᠤᠤᠵᠢᠩ ᠲᠠᠯᠪᠢᠵᠤ ᠪᠣᠯᠬᠤ ᠦᠭᠡᠢ︔     ᠲᠠᠪᠤ᠂ ᠠᠭᠤᠯᠠ ᠶᠢ ᠪᠣᠯᠪᠠᠰᠤᠷᠠᠭᠤᠯᠬᠤ᠂ ᠠᠲᠠᠷ ᠰᠢᠲᠠᠭᠠᠬᠤ᠂ ᠲᠠᠷᠢᠶᠠᠨ ᠲᠠᠯᠠᠩ ᠤᠨ ᠡᠪᠡᠰᠦ ᠶᠢ ᠰᠢᠲᠠᠭᠠᠬᠤ ᠂ ᠣᠪᠣᠭᠠᠯᠠᠵᠤ ᠰᠢᠲᠠᠭᠠᠬᠤ ᠵᠡᠷᠭᠡ ᠶᠢ ᠬᠢᠵᠦ ᠪᠣᠯᠬᠤ ᠦᠭᠡᠢ︔     ᠵᠢᠷᠭᠤᠭ᠎ᠠ᠂ ᠣᠨᠴᠠᠭᠠᠶ ᠬᠥᠮᠥᠰ ᠪᠠ ᠨᠠᠰᠤᠨ ᠳᠤ ᠦᠯᠤ ᠬᠥᠷᠦᠭᠰᠡᠳ ᠢ ᠰᠢᠭᠤᠶᠢᠲᠤ ᠣᠷᠣᠨ ᠳᠤ ᠭᠠᠯ ᠢᠶᠠᠷ ᠨᠠᠭᠠᠳᠤᠭᠤᠯᠵᠤ ᠪᠣᠯᠬᠤ ᠦᠭᠡᠢ︔     ᠲᠤᠯᠤᠭ᠎ᠠ᠂ ᠬᠡᠭᠡᠷ᠎ᠡ ᠭᠠᠳᠠᠨ᠎ᠠ ᠭᠠᠯ ᠲᠦᠯᠡᠵᠦ ᠳᠤᠯᠠᠭᠠᠯᠠᠵᠤ ᠪᠣᠯᠬᠤ ᠦᠭᠡᠢ︔     ᠨᠠᠢᠮᠠ᠂ ᠲᠡᠷᠭᠡᠨ ᠳᠤ ᠰᠠᠭᠤᠬᠤ ᠳᠠᠭᠠᠨ ᠲᠠᠮᠠᠬᠢ ᠪᠠᠨ ᠭᠠᠳᠠᠭᠰᠢ ᠬᠠᠶᠠᠵᠤ ᠪᠣᠯᠬᠤ ᠦᠭᠡᠢ︔     ᠶᠢᠰᠦ᠂ ᠰᠢᠭᠤᠶᠢᠲᠤ ᠣᠷᠣᠨ ᠳᠤ ᠠᠩ ᠠᠩᠨᠠᠵᠤ᠂ ᠭᠠᠯ ᠲᠠᠯᠪᠢᠵᠤ ᠠᠷᠢᠶᠠᠲᠠᠨ ᠢ ᠦᠯᠳᠡᠵᠦ ᠪᠣᠯᠬᠤ ᠦᠭᠡᠢ︔     ᠠᠷᠪᠠ᠂ ᠥᠲᠡᠯᠦᠭᠰᠡᠨ᠂ ᠨᠢᠯᠬ᠎ᠠ᠂ ᠪᠠᠭᠤᠷᠠᠢ᠂ ᠡᠪᠡᠳᠴᠢᠨ ᠲᠠᠢ᠂ ᠵᠡᠮᠳᠡᠭ ᠬᠥᠮᠥᠰ ᠢ ᠭᠠᠯ ᠤᠨᠲᠠᠷᠠᠭᠠᠬᠤ ᠳᠤ ᠣᠷᠣᠯᠴᠠᠭᠤᠯᠵᠤ ᠪᠣᠯᠬᠤ ᠦᠭᠡᠢ᠃     ᠳᠤᠮᠳᠠᠳᠤ ᠪᠠᠭ᠎ᠠ ᠰᠤᠷᠭᠠᠭᠤᠯᠢ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠬᠡᠷᠬᠢᠨ ᠪᠠᠳᠠᠷᠠᠭᠤᠯᠬᠤ ᠪᠤᠢ︖     ᠳᠤᠮᠳᠠᠳᠤ ᠪᠠᠭ᠎ᠠ ᠰᠤᠷᠭᠠᠭᠤᠯᠢ ᠳᠤ ︽ᠲᠠᠪᠤᠨ ᠨᠢᠭᠡ︾ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠣᠯ ᠪᠦᠲᠦᠮᠵᠢᠲᠡᠶ ᠰᠠᠶᠢᠨ ᠠᠷᠭ᠎ᠠ ᠮᠥᠨ᠂ ᠲᠤᠬᠠᠶᠢᠯᠠᠪᠠᠯ ᠰᠣᠷᠣᠭᠴᠢ ᠨᠢᠭᠡᠪᠦᠷᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠷᠢᠶ᠎ᠠ ᠯᠣᠽᠦ᠋ᠩ ᠪᠢᠴᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠣᠬᠢᠶᠠᠯ ᠪᠢᠴᠢᠵᠦ᠂ ᠭᠡᠷ ᠤᠨ ᠠᠬᠠᠮᠠᠳ ᠲᠠᠭᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠵᠠᠬᠢᠳᠠᠯ ᠪᠢᠴᠢᠵᠦ᠂ ᠠᠩᠭᠢ ᠪᠦᠷᠢ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠢᠴᠢᠶᠡᠯ ᠣᠷᠣᠵᠤ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠨᠢᠭᠡ ᠬᠤᠭᠤᠴᠠᠭ᠎ᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠨ᠎ᠠ ᠶᠢᠨ ᠰᠣᠨᠢᠨ ᠭᠠᠷᠭᠠᠬᠤ ᠬᠡᠷᠡᠭᠲᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号