ᠴᠠᠩ ᠱᠧᠩ ᠪᠠᠯᠭᠠᠰᠤ ᠬᠠᠪᠤᠷ ᠤᠨ ᠤᠯᠠᠷᠢᠯ ᠢ ᠵᠠᠪᠳᠤᠨ᠂ ᠬᠠᠮᠲᠤ ᠶᠢᠨ ᠠᠵᠤ ᠠᠬᠤᠢ ᠶᠢ ᠠᠮᠢᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/20
        ᠭᠠᠳᠠᠨᠠᠬᠢ‌‍ᠬᠦ᠋ᠴᠦᠨ ᠢ ᠣᠷᠣᠭᠤᠯᠤᠨ ᠠᠪᠴᠢᠷᠠᠵᠤ᠂ ᠡᠵᠡᠩᠨᠡᠯᠲᠡ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠪᠡ᠃ ᠬᠠᠮᠲᠤ ᠶᠢᠨ ᠠᠵᠤ ᠠᠬᠤᠶ ᠶᠢᠨ ᠠᠵᠤ  ᠦᠢᠯᠡᠰ ᠤᠨ ᠬᠦᠷᠢᠶᠡᠯᠡᠩ ᠢ ᠲᠤᠰᠬᠠᠶ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠤ ᠠᠬᠤᠶᠢᠯᠠᠯ  ᠤᠨ ᠡᠵᠡᠩᠨᠡᠯᠲᠡ ᠬᠠᠮᠢᠶᠠᠷᠤᠯᠲᠠ ᠳᠤ ᠣᠷᠣᠯᠴᠠᠭᠤᠯᠵᠤ᠂ ᠬᠡᠪᠴᠢᠶᠡᠵᠢᠭᠰᠡᠨ᠂ ᠡᠷᠴᠢᠮᠵᠢᠭᠰᠡᠨ᠂ ᠠᠵᠤ ᠦᠶᠢᠯᠡᠰᠵᠢᠭᠰᠡᠨ ᠡᠵᠡᠩᠨᠡᠯᠲᠡ ᠶᠢ ᠠᠬᠢᠭᠤᠯᠵᠤ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂  ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠬᠦ ᠠᠵᠤ ᠠᠬᠤᠶ ᠶᠢᠨ ᠲᠠᠷᠢᠮᠠᠯ ᠳᠠᠷᠢᠵᠤ᠂ ᠠᠵᠤ ᠦᠢᠯᠡᠰ ᠤᠨ ᠠᠵᠤ ᠠᠬᠤᠶ ᠶᠢᠨ ᠦᠷ᠎ᠡ ᠠᠰᠢᠭ ᠤᠨ ᠥᠨᠳᠥᠷ ᠬᠢᠷᠢ ᠲᠦᠪᠰᠢᠨ ᠢᠶᠠᠷ ᠬᠥᠭᠵᠢᠬᠦ ᠶᠢ ᠪᠡᠶᠡᠯᠡᠬᠦᠯᠪᠡ᠃  ᠳᠠᠪᠠᠭᠤᠯᠢᠭ ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠲᠠᠷᠢᠶᠠᠯᠠᠩ ᠤᠨ ᠭᠤᠣᠯᠯᠠᠬᠤ ᠣᠨᠴᠠᠯᠢᠭ ᠢ  ᠪᠤᠶᠢᠵᠢᠭᠤᠯᠪᠠ᠃ ᠳᠠᠪᠠᠭᠤᠯᠢᠭ ᠡᠬᠢ ᠪᠠᠶᠠᠯᠢᠭ ᠲᠤ ᠰᠠᠭᠤᠷᠢᠯᠠᠨ᠂ ᠢᠳᠡᠪᠬᠢᠲᠡᠶ ᠪᠠᠷ ᠪᠡᠯᠡ ᠮᠥᠩᠭᠦ ᠴᠤᠭᠯᠠᠭᠤᠯᠵᠤ᠂ ᠬᠠᠷᠢᠶ᠎ᠠ ᠣᠷᠣᠨ ᠤ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠳᠠᠪᠠᠭᠤᠯᠢᠭ ᠢᠯᠡᠷᠬᠡᠶ᠂ ᠣᠨᠴᠠᠯᠢᠭ ᠢᠯᠡ ᠲᠣᠳᠣ ᠭᠤᠤᠯᠯᠠᠬᠤ ᠠᠵᠤ ᠦᠢᠯᠡᠰ ᠢ ᠬᠥᠭᠵᠢᠭᠦᠯᠵᠦ᠂ ᠡᠷᠳᠡᠨᠢ ᠰᠢᠰᠢ᠂ ᠭᠦᠵᠡᠯᠵᠡᠭᠡᠨ᠎ᠡ᠂ ᠠᠮᠲᠠᠲᠤ ᠨᠣᠭᠤᠭ᠎ᠠ ᠵᠡᠷᠭᠡ ᠵᠠᠬ᠎ᠠ ᠳᠡᠯᠭᠡᠭᠦᠷ ᠤᠨ ᠬᠦᠷᠢᠶᠡᠯᠡᠯ ᠢ ᠤᠯᠵᠥ ᠪᠠᠶᠢᠭ᠎ᠠ ᠠᠵᠤ ᠠᠬᠤᠶ ᠶᠢᠨ ᠲᠠᠷᠢᠮᠠᠯ ᠢ ᠤᠷᠢᠳ ᠬᠤᠵᠢᠳ ᠲᠤᠷᠰᠢᠬᠤ ᠶᠢᠨ ᠬᠠᠮᠲᠤ ᠰᠠᠶᠢᠨ ᠰᠠᠶᠢᠬᠠᠨ ᠠᠰᠢᠭ ᠣᠷᠣᠯᠭ᠎ᠠ ᠣᠯᠤᠭᠰᠠᠨ ᠪᠠᠶᠢᠨ᠎ᠠ᠃  ︽ᠭᠤᠷᠪᠠᠨ ᠪᠡᠯᠡ︾ ᠶᠢ ᠠᠮᠢᠳᠤᠯᠢᠭ ᠪᠣᠯᠭᠠᠵᠤ᠂ ᠵᠦᠶ ᠵᠣᠬᠢᠰᠲᠠᠶ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠪᠦᠲᠦᠴᠡ ᠶᠢ ᠲᠤᠬᠢᠷᠠᠭᠤᠯᠪᠠ᠃ ᠴᠠᠩ ᠱᠧᠩ ᠲᠣᠰᠬᠤᠨ ᠢᠶᠠᠷ ᠲᠥᠯᠥᠭᠡᠯᠡᠭᠦᠯᠦᠭᠰᠡᠨ ᠡᠯ᠎ᠡ ᠭᠠᠴᠠᠭ᠎ᠠ ᠲᠣᠰᠬᠤᠨ  ᠤ ᠲᠤᠰᠬᠠᠢ ᠬᠤᠷᠰᠢᠶ᠎ᠠ ᠶᠢ ᠶᠡᠬᠡᠪᠡᠷ ᠬᠥᠭᠵᠢᠭᠦᠯᠵᠦ᠂ ︽ᠨᠠᠮ ᠤᠨ ᠡᠭᠦᠷ  + ᠬᠤᠷᠰᠢᠶ᠎ᠠ + ᠲᠠᠷᠢᠶᠠᠴᠢᠨ ᠡᠷᠦᠬᠡ︾ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠬᠠᠮᠲᠤ ᠶᠢᠨ ᠠᠵᠤ ᠠᠬᠤᠢ ᠶᠢ ᠠᠮᠢᠳᠤᠯᠢᠬᠵᠢᠭᠤᠯᠵᠥ᠂ ᠡᠳ᠋ ᠬᠥᠷᠥᠩᠭᠡ ᠬᠢᠭᠡᠳ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠠᠬᠢᠭᠤᠯᠵᠤ᠂ ᠲᠣᠰᠬᠤᠨ ᠤ ᠱᠠᠲᠤᠨ ᠤ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠪᠠ ᠨᠡᠮᠡᠭᠳᠡᠭᠦᠯᠬᠦ ᠪᠠᠷ ᠳᠠᠮᠵᠢᠭᠤᠯᠤᠨ᠂ ᠲᠣᠰᠬᠤᠨ ᠤ ᠱᠠᠲᠤᠨ ᠤ ᠲᠣᠰ ᠪᠡᠶ᠎ᠡ ᠶᠢᠨ ︽ᠴᠢᠰᠤ ᠪᠦᠲᠦᠭᠡᠬᠦ︾ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠬᠦᠯᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号