ᠬᠤᠷᠴᠢᠨ ᠵᠡᠭᠦᠨ ᠭᠠᠷᠤᠨ ᠬᠤᠶᠢᠲᠤ ᠬᠤᠰᠢᠭᠤ 2024 ᠣᠨ ᠳᠤ ᠪᠤᠷᠳᠤᠭᠠᠨ ᠦᠬᠡᠷ ᠤᠨ ᠲᠤᠰᠬᠠᠢ | ᠲᠣᠰᠬᠤᠨ ᠢ 6 ᠭᠤᠣᠯᠳᠠᠯᠭ᠎ᠠ ᠲᠠᠢ ᠪᠠᠶᠢᠭᠤᠯᠵᠤ᠂ ︽ᠲᠦᠷᠪᠡ ᠳᠤ ᠠᠩᠬᠠᠷᠤᠯ ᠢᠶᠠᠨ ᠲᠥᠪᠯᠡᠷᠡᠭᠦᠯᠬᠦ︾ | ᠬᠥᠭᠵᠢᠯᠲᠡ ᠶᠢᠨ ︽ᠰᠢᠨ᠎ᠡ ᠵᠠᠮ︾ ᠢ ᠨᠡᠬᠡᠭᠡᠬᠦ ᠪᠠᠷ ᠪᠠᠶᠢᠨ᠎ᠠ᠃ | ᠨᠢᠭᠡ ᠳᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠪᠠᠷᠢᠮᠵᠢᠶᠠᠵᠢᠭᠤᠯᠤᠭᠰᠠᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ | ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠪᠣᠯᠣᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ ᠢᠳᠡᠪᠬᠢᠲᠡᠢ | ᠪᠣᠶᠢᠵᠢᠭᠤᠯᠵᠤ᠂ ᠠᠯᠠᠰᠢᠨ ᠦᠬᠡᠷ ᠲᠡᠵᠢᠭᠡᠨ ᠠᠷᠠᠴᠢᠯᠠᠬᠤ ᠬᠠᠮᠢᠶᠠᠷᠤᠯᠲᠠ᠂ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ᠂ ᠲᠡᠵᠢᠭᠡᠯ ᠡᠪᠡᠰᠦ ᠪᠣᠷᠳᠤᠭ᠎ᠠ ᠨᠠᠶᠢᠷᠠᠭᠤᠯᠬᠤ ᠵᠡᠷᠭᠡ ᠪᠠᠷᠢᠮᠵᠢᠶᠠᠵᠢᠭᠤᠯᠤᠭᠰᠠᠨ ᠮᠡᠷᠭᠡᠵᠢᠯ ᠤᠨ | ᠪᠣᠯᠪᠠᠰᠤᠷᠠᠭᠤᠯᠤᠯ ᠢ ᠥᠷᠭᠡᠨ ᠢᠶᠠᠷ ᠦᠷᠨᠢᠬᠦᠯᠦᠨ᠎ᠡ᠃ 2024 ᠣᠨ ᠳᠤ᠂ ᠲᠡᠵᠢᠭᠡᠨ ᠦᠷᠡᠵᠢᠭᠦᠯᠬᠦ ᠡᠷᠦᠬᠡ ᠶᠢ | 2000 ᠬᠥᠮᠥᠨ ᠤᠳᠠᠭ᠎ᠠ ᠪᠣᠯᠪᠠᠰᠤᠷᠠᠭᠤᠯᠬᠤ ᠪᠠᠷ ᠲᠥᠯᠥᠪᠯᠡᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ | ᠪᠠᠷᠢᠮᠵᠢᠶᠠᠵᠢᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ 22 ᠡᠭᠦᠳᠦᠨ ᠪᠠᠶᠢᠭᠤᠯᠵᠤ᠂ ᠪᠣᠷᠳᠣᠵᠤ | ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ 6 ᠪᠣᠶ ᠪᠣᠯᠭᠠᠨ᠎ᠠ᠃ | | ᠬᠤᠶᠠᠷ ᠲᠤ ᠶᠠᠰᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠪᠠᠨ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠯᠠᠰᠢᠨ ᠦᠬᠡᠷ ᠢ ᠲᠥᠪᠯᠡᠷᠡᠭᠦᠯᠦᠨ ᠪᠣᠷᠳᠣᠵᠤ ᠲᠠᠷᠭᠤᠯᠠᠭᠤᠯᠬᠤ ᠢᠨᠵᠧᠨᠧᠷᠢᠩ ᠢ | ᠬᠡᠷᠡᠭᠵᠢᠭᠦᠯᠦᠨ᠎ᠡ᠃ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠡᠮᠦᠨ᠎ᠡ | ᠦᠵᠦᠭᠦᠷ ᠳᠠᠰᠢ ᠤᠷᠲᠤᠳᠬᠠᠨ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠠᠯᠠᠵᠤ ᠨᠢᠲᠤᠯᠬᠤ ᠠᠵᠤ | ᠠᠬᠤᠶᠢᠯᠠᠯ ᠤᠨ ᠪᠤᠷᠳᠤᠭᠠᠨ ᠦᠬᠡᠷ ᠤᠨ ᠥᠪᠡᠷ ᠢ ᠪᠠᠨ ᠬᠠᠩᠭᠠᠬᠤ ᠨᠣᠷᠮ᠎ᠠ ᠶᠢ ᠳᠡᠭᠡᠭᠰᠢᠯᠡᠭᠦᠯᠦᠨ᠎ᠡ︔ ᠦᠷᠡᠵᠢᠯ ᠤᠨ | ᠡᠬᠡ ᠮᠠᠯ ᠲᠡᠵᠢᠭᠡᠨ ᠦᠷᠡᠵᠢᠭᠦᠯᠬᠦ ᠡᠷᠦᠬᠡ ᠶᠢᠨ ᠥᠪᠡᠰᠦᠪᠡᠨ ᠦᠷᠡᠵᠢᠭᠦᠯᠵᠦ ᠥᠪᠡᠰᠦᠪᠡᠨ ᠪᠣᠶᠢᠵᠢᠭᠤᠯᠬᠤ ᠶᠢᠨ | ᠰᠢᠭᠤᠳ ᠱᠤᠭᠤᠮ ᠢᠶᠠᠷ ᠪᠣᠷᠳᠣᠬᠤ ᠶᠢ ᠵᠣᠷᠢᠭᠵᠢᠭᠤᠯᠵᠤ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠬᠢᠭᠡᠳ | ᠲᠣᠰ ᠭᠠᠵᠠᠷ ᠤᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠶᠢ | ᠠᠬᠢᠭᠤᠯᠤᠨ᠎ᠠ᠃ 2024 ᠣᠨ ᠳᠤ᠂ 12 ᠲᠦᠮᠡᠨ ᠦᠬᠡᠷ ᠪᠣᠷᠳᠣᠵᠤ ᠲᠠᠷᠭᠤᠯᠠᠭᠤᠯᠬᠤ ᠪᠠᠷ ᠴᠢᠷᠮᠠᠶᠢᠵᠤ᠂ ᠦᠬᠡᠷ | ᠪᠣᠷᠳᠣᠵᠤ ᠲᠠᠷᠭᠤᠯᠠᠭᠤᠯᠬᠤ ᠵᠢᠵᠢᠭ ᠲᠣᠭᠤᠷᠢᠭ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ 12᠂ ᠰᠤᠯᠠ | ᠪᠠᠶᠢᠬᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ 2 ᠶᠢ ᠠᠮᠢᠯᠠᠭᠤᠯᠤᠨ᠎ᠠ᠃ | ᠭᠤᠷᠪᠠ ᠳᠤ᠂ ᠨᠢᠲᠤᠯᠵᠤ ᠡᠳ᠋ᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ | ᠬᠡᠯᠬᠢᠶ᠎ᠡ ᠶᠢᠨ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠦᠷᠢᠯᠡᠨ᠎ᠡ᠃ ᠬᠤᠷᠴᠢᠨ ᠦᠬᠡᠷ ᠤᠨ ᠦᠢᠯᠡᠰ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ᠂ ᠭᠠᠷᠤᠯᠲᠠ ᠶᠢᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠠᠷᠭ᠎ᠠ ᠵᠠᠮ ᠢ | ᠲᠣᠭᠲᠠᠪᠤᠷᠢᠵᠢᠭᠤᠯᠵᠤ᠂ ᠪᠢ ᠹᠦ᠋ ᠦᠬᠡᠷ ᠤᠨ ᠦᠢᠯᠡᠰ ᠤᠨ ᠦᠢᠯᠡᠳᠪᠦᠷᠢᠯᠡᠯ ᠤᠨ ᠱᠤᠭᠤᠮ ᠢ ᠬᠠᠪᠰᠤᠷᠤᠨ | ᠡᠬᠢᠯᠡᠭᠦᠯᠦᠨ᠎ᠡ︔ ᠣᠲᠣ ᠶᠢᠨ ᠪᠠᠶᠢᠭ᠎ᠠ ᠦᠢᠯᠡᠳᠪᠦᠷᠢᠯᠡᠯ ᠤᠨ ᠠᠵᠤ ᠠᠬᠤᠶᠢᠯᠠᠯ ᠤᠨ ᠨᠢᠲᠤᠯᠬᠤ ᠬᠡᠪᠴᠢᠶ᠎ᠡ ᠪᠠᠨ | ᠳᠡᠭᠡᠭᠰᠢᠯᠡᠭᠦᠯᠬᠦ ᠶᠢ ᠳᠡᠮᠵᠢᠵᠦ᠂ ᠵᠠᠬ᠎ᠠ ᠳᠡᠯᠭᠡᠭᠦᠷ ᠤᠨ ᠬᠠᠮᠤᠷᠬᠤ ᠬᠡᠪᠴᠢᠶ᠎ᠡ ᠪᠠᠨ ᠦᠷᠭᠡᠳᠭᠡᠨ᠎ᠡ᠃ 2024 | ᠣᠨ ᠳᠤ᠂ ᠲᠣᠰ ᠭᠠᠵᠠᠷ ᠲᠠᠭᠠᠨ 4 ᠲᠦᠮᠡ ᠠᠴᠠ ᠳᠡᠭᠡᠭᠰᠢ ᠨᠢᠲᠤᠯᠵᠤ ᠡᠳ᠋ᠰᠢᠬᠦᠯᠦᠨᠡ᠃ | ᠳᠥᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠡᠨᠧᠷᠭᠢ ᠣᠯᠭᠤᠬᠤ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠳᠤ ᠦᠨᠳᠦᠰᠦᠨ | ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢᠨ | ᠨᠥᠬᠦᠪᠦᠷᠢ ᠶᠢᠨ ᠲᠦᠷᠦᠯ ᠵᠦᠢᠯ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠬᠤᠰᠢᠭᠤᠨ ᠳᠡᠰ ᠤᠨ ᠪᠣᠯᠪᠠᠰᠤᠷᠠᠯ ᠤᠨ ᠪᠠᠭᠰᠢ ᠶᠢ 20 | ᠠᠴᠠ ᠳᠡᠭᠡᠭᠰᠢ ᠪᠤᠯᠭᠠᠨ᠎ᠠ᠃ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ | ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢᠨ ᠨᠥᠬᠦᠪᠦᠷᠢ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠳ ᠢ | ᠬᠥᠮᠥᠵᠢᠭᠦᠯᠬᠦ ᠵᠡᠷᠭᠡ ᠵᠦᠢᠯ ᠳᠤ ᠲᠦᠰᠢᠭᠯᠡᠨ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ᠂ ᠢᠴᠡᠭᠡᠯ ᠦᠷ᠎ᠡ ᠪᠠᠷ ᠬᠡᠭᠡᠯᠳᠦᠭᠦᠯᠬᠦ ᠠᠵᠢᠯᠲᠠᠨ᠂ ᠬᠢᠵᠢᠭ ᠢ ᠰᠡᠷᠭᠡᠶᠢᠯᠡᠬᠦ ᠠᠵᠢᠯᠲᠠᠨ | ᠵᠡᠷᠭᠡ ᠪᠥᠬᠦ ᠠᠵᠢᠯᠲᠠᠨ ᠢ ᠡᠭᠡᠯᠵᠢᠯᠡᠨ ᠪᠣᠯᠪᠠᠰᠤᠷᠠᠭᠤᠯᠬᠤ ᠶᠢ ᠪᠡᠶᠡᠯᠡᠭᠦᠯᠦᠨ᠎ᠡ᠃ |