ᠱᠤᠩᠬᠤᠷ ᠤᠨ ᠴᠤᠭᠯᠠᠭᠠᠨ ᠪᠣᠯ ᠲᠦᠩᠯᠢᠶᠤᠤ ᠬᠤᠳᠠ ᠶᠢᠨ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ | ᠠᠭᠤᠯᠠ ᠪᠠᠯᠭᠠᠰᠤ ᠳᠤ ᠣᠡᠴᠠ ᠪᠠᠶᠢᠳᠠᠭ ᠰᠤᠶᠤᠯ ᠤᠨ ᠬᠦᠳᠡᠯᠭᠡᠭᠡᠨ ᠮᠥᠨ᠃ ᠠᠳᠡ ᠶᠠᠷᠢᠵᠤ ᠪᠠᠶᠢᠭ᠎ᠠ ︽ | ᠱᠤᠩᠬᠤᠷ ᠤᠨ ᠴᠤᠭᠯᠠᠭᠠᠨ︾ ᠭᠡᠳᠡᠭ ᠪᠣᠯ ︽ᠬᠤᠷᠴᠢᠨ ᠨᠣᠳᠤᠭ ᠤᠨ ᠱᠣᠩᠬᠤᠷ ᠠᠭᠤᠯᠠᠨ ᠳᠤ ᠪᠣᠯᠤᠭᠰᠠᠨ | ᠮᠣᠩᠭᠤᠯᠴᠤᠳ ᠤᠨ ᠠᠷᠠᠳ ᠤᠨ ᠵᠠᠩ ᠵᠠᠩᠰᠢᠯᠲᠤ ᠰᠤᠶᠤᠯ ᠤᠨ ᠨᠠᠶᠢᠷ︾ ᠢ ᠵᠢᠭᠠᠵᠤ ᠪᠠᠶᠢᠭ᠎ᠠ ᠶᠤᠮ᠃ | ᠮᠣᠩᠭᠤᠯᠴᠤᠳ ᠪᠠᠯᠠᠷ ᠡᠷᠲᠡ ᠠᠴᠠ ᠲᠡᠭᠷᠢ ᠭᠠᠵᠠᠷ᠂ ᠠᠭᠤᠯᠠ ᠤᠰᠤ᠂ ᠭᠠᠵᠠᠷ ᠨᠤᠲᠤᠭ ᠲᠤ ᠪᠦᠷ ᠨᠠᠪᠳᠠᠭ | ᠰᠢᠪᠳᠠᠭ ᠲᠠᠢ ᠭᠡᠵᠦ ᠦᠵᠡᠳᠡᠭ᠃ ᠲᠡᠶᠢᠨ ᠬᠦ ᠲᠡᠭᠷᠢ ᠲᠡᠬᠢᠬᠤ᠂ ᠠᠭᠤᠯᠠ ᠤᠰᠤ ᠲᠠᠬᠢᠬᠤ᠂ ᠱᠠᠩᠰᠢ ᠲᠠᠬᠢᠬᠤ᠂ | ᠣᠪᠣᠭ᠎ᠠ ᠲᠠᠬᠢᠬᠤ ᠵᠡᠷᠭᠡ ᠵᠠᠩ ᠵᠠᠩᠰᠢᠯ ᠪᠣᠢ ᠪᠣᠯᠵᠤ᠂ ︽ᠲᠠᠬᠢᠬᠤ︾ ᠪᠠᠷ ᠲᠠᠮᠵᠢᠨ ᠭᠠᠵᠠᠷ ᠨᠣᠲᠤᠭ ᠤᠨ ᠢᠶᠠᠨ ︽ | ᠨᠠᠪᠳᠠᠭ ᠰᠢᠪᠳᠠᠭ︾ ᠢ ᠪᠠᠶᠠᠰᠬᠠᠳᠠᠭ ᠭᠡᠵᠦ ᠦᠵᠡᠳᠡᠭ ᠪᠠᠶᠢᠵᠠᠢ᠃ | ᠬᠤᠷᠴᠢᠨ ᠮᠣᠩᠭᠤᠯᠴᠤᠳ ᠠᠯᠢ ᠡᠷᠲᠡ ᠠᠴᠠ ᠵᠢᠯ ᠪᠦᠷᠢ ᠶᠢᠨ ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠡᠳᠦᠷ᠂ ᠦᠡᠳᠦᠷ ᠲᠤ ᠮᠠᠴᠤᠵᠤ᠂ ᠤᠷᠲᠤ ᠨᠠᠰᠤᠯᠠᠵᠤ ᠤᠳᠠᠭᠠᠨ ᠵᠢᠷᠭᠠᠬᠤ ᠪᠠᠨ ᠪᠡᠯᠭᠡᠳᠡᠨ᠂ | ᠨᠢᠭᠡ ᠵᠢᠯ ᠳᠤ ᠪᠠᠨ ᠡᠷᠡᠭᠦᠯ ᠴᠢᠬᠢᠷᠠᠭ᠂ ᠦᠭᠡᠲᠡ ᠡᠰᠡᠷᠡᠭ᠂ ᠬᠤᠷ᠎ᠠ ᠪᠣᠷᠤᠭᠠᠨ ᠲᠡᠭᠰᠢ ᠪᠠᠭᠤᠵᠤ᠂ ᠲᠠᠷᠢᠶ᠎ᠠ | ᠲᠤᠮᠤᠰᠤ ᠡᠯᠪᠡᠭ ᠬᠤᠷᠢᠶᠠᠨ᠂ ᠮᠠᠯ ᠤᠨᠤᠭ᠎ᠠ ᠦᠨᠢᠷ ᠦᠰᠬᠦ ᠶᠢ ᠪᠡᠯᠭᠡᠳᠡᠳᠡᠭ ᠪᠠᠶᠢᠵᠠᠢ᠃ | ︽ᠱᠤᠩᠬᠤᠷ ᠤᠨ ᠴᠤᠭᠯᠠᠭᠠᠨ︾ ᠨᠢ ᠠᠩᠬ᠎ᠠ ᠡᠬᠢᠨ ᠳᠤ ᠪᠠᠨ ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠡᠳᠦᠷ᠂ ᠱᠣᠩᠬᠤᠷ ᠠᠭᠤᠯᠠ ᠶᠢᠨ ᠤᠷᠴᠢᠨ ᠲᠤᠭᠤᠷᠢᠨ ᠤ ᠬᠦᠮᠦᠰ ᠤᠨ ᠦᠪᠡᠷᠰᠡᠳ ᠢᠶᠠᠨ | ᠵᠤᠬᠢᠶᠠᠨ ᠪᠠᠶᠢᠭᠤᠯᠤᠨ ᠶᠠᠪᠤᠭᠳᠠᠭᠤᠯᠵᠤ ᠪᠠᠶᠢᠭᠰᠠᠨ ᠤᠬᠠᠮᠰᠠᠷᠲᠤ ᠪᠣᠰᠤ ᠠᠵᠢᠯᠯᠠᠭ᠎ᠠ ᠲᠡᠳᠦᠢ ᠪᠠᠶᠢᠭᠰᠠᠨ ᠶᠤᠮ᠃ | 1993 ᠤᠨ ᠠᠴᠠ ᠡᠬᠢᠯᠡᠨ ᠠᠭᠤᠯᠠ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠤᠨ ᠨᠢ ᠲᠦᠯᠦᠪᠯᠡᠭᠡ ᠲᠠᠢ᠂ | ᠬᠠᠷᠠᠯᠲᠠ ᠵᠤᠷᠢᠯᠲᠠ ᠲᠠᠢ᠂ ᠵᠣᠬᠢᠶᠠᠨ ᠪᠠᠶᠢᠭᠤᠯᠤᠯᠲᠠ ᠲᠠᠢ᠂ ᠠᠯᠬᠤᠮ ᠲᠠᠷᠠᠭ᠎ᠠ ᠲᠠᠢ ᠨᠠᠷᠢᠨ ᠨᠢᠭᠲᠠ ᠶᠠᠪᠤᠭᠳᠠᠳᠠᠭ | ᠣᠡᠴᠠᠯᠢᠭᠲᠤ ᠰᠤᠶᠤᠯ ᠤᠨ ᠬᠦᠳᠡᠯᠭᠡᠭᠡᠨ ᠪᠣᠯᠤᠭᠰᠠᠨ ᠪᠠᠶᠢᠨ᠎ᠠ᠃ ᠵᠢᠯ ᠪᠦᠷᠢ ᠶᠢᠨ ᠶᠠᠪᠤᠭᠳᠠᠬᠤ ᠬᠦᠷᠢᠶ᠎ᠡ ᠬᠡᠪᠴᠢᠶ᠎ᠡ | ᠨᠢ ᠠᠳᠠᠯᠢ ᠦᠬᠡᠢ ᠪᠣᠯᠪᠠᠴᠤ ᠤᠳᠤ ᠪᠤᠯᠳᠠᠯ᠎ᠠ ᠲᠠᠰᠤᠯᠳᠤᠯ ᠦᠬᠡᠢ ᠶᠠᠪᠤᠭᠳᠠᠵᠤ ᠪᠠᠶᠢᠬᠤ ᠪᠦᠬᠡᠳ ᠨᠢᠬᠡᠨᠳᠡ | ᠲᠦᠡᠭᠯᠢᠶᠤᠤ ᠬᠤᠳᠠ ᠶᠢᠨ ᠪᠤᠳᠠᠰ ᠤᠨ ᠪᠤᠰᠤ ᠰᠤᠶᠤᠯ ᠤᠨ ᠦᠪ ᠲᠤ ᠲᠡᠮᠳᠡᠭᠯᠡᠭᠳᠡᠭᠰᠡᠨ ᠪᠠᠶᠢᠨ᠎ᠠ᠃ | | ᠱᠤᠩᠬᠤᠷ ᠤᠨ ᠴᠤᠭᠯᠠᠭᠠᠨ ᠢ ᠡᠷᠬᠢᠯᠡᠭᠰᠡᠨ ᠶᠠᠪᠤᠴᠠ | ᠬᠤᠷᠴᠢᠨ ᠮᠤᠩᠭᠤᠯᠴᠤᠳ ᠠᠯᠢ ᠡᠷᠳᠡ ᠠᠴᠠ ᠡᠬᠢᠯᠡᠬᠡᠳ ᠵᠢᠯ ᠪᠦᠷᠢ ᠶᠢᠨ ᠪᠢᠯᠢᠭ ᠤᠨ ᠤᠯᠠᠷᠢᠯ ᠤᠨ ᠲᠠᠪᠤᠨ | ᠰᠠᠷ᠎ᠠ ᠶᠢᠨ ᠰᠢᠨ᠎ᠠ ᠶᠢᠨ ᠲᠠᠪᠤᠨ ᠳᠤ ᠦᠡᠳᠦᠷ ᠮᠠᠩᠬᠠᠨ ᠳᠤ ᠭᠠᠷᠴᠤ᠂ ᠤᠷᠳᠤ ᠨᠠᠰᠤᠯᠠᠵᠤ ᠤᠳᠠᠭᠠᠨ ᠵᠢᠷᠭᠠᠬᠤ ᠪᠠᠨ | ᠪᠡᠯᠬᠡᠳᠡᠳᠡᠭ ᠵᠠᠩᠰᠢᠯ ᠲᠠᠢ ᠪᠠᠶᠢᠭᠰᠠᠨ ᠶᠤᠮ᠃ ᠡᠪᠦᠬᠡᠳ ᠨᠠᠰᠤᠳᠠᠳ ᠤᠨ ᠶᠠᠷᠢᠬᠤ ᠪᠠᠷ ᠲᠡᠷᠡ ᠡᠳᠦᠷ ᠬᠡᠳᠦᠢ | ᠦᠡᠳᠦᠷ ᠲᠤ ᠮᠠᠴᠤᠪᠠᠯ ᠲᠡᠳᠦᠢ ᠰᠠᠶᠢᠨ ᠪᠠᠶᠢᠵᠤ᠂ ᠨᠢᠬᠡ ᠵᠢᠯ ᠳᠡᠭᠡᠨ ᠦᠬᠡᠳᠡ ᠡᠰᠡᠷᠡᠭ᠂ ᠪᠠᠶᠠᠷ ᠵᠢᠷᠭᠠᠯ ᠲᠠᠢ | ᠪᠤᠯᠳᠠᠭ ᠪᠠᠶᠢᠵᠠᠢ᠃ ᠲᠡᠷᠡ ᠡᠳᠦᠷ ᠬᠦᠮᠦᠰ ᠦᠷᠯᠦᠬᠡ ᠡᠷᠳᠡ ᠪᠤᠰᠤᠮᠠᠭᠴᠠ ᠪᠡᠶ᠎ᠡ ᠪᠡᠶᠡᠰ ᠲᠠᠢ ᠪᠠᠨ ᠬᠠᠷᠢᠯᠴᠠᠨ | ᠦᠬᠡ ᠲᠤᠤᠭᠠᠷᠬᠤ ᠦᠬᠡᠢ ᠪᠠᠷ ᠬᠤᠳᠳᠤᠭ ᠤᠨ ᠤᠰᠤ ᠪᠠᠨ ᠠᠪᠴᠤ ᠲᠤᠤᠷ᠎ᠠ ᠲᠠᠯᠪᠢᠯ ᠦᠬᠡᠢ ᠠᠪᠴᠢᠷᠠᠨ | ᠤᠷᠢᠳᠠᠪᠠᠷ ᠬᠡᠳᠦᠨ ᠤᠭᠤᠴᠢ ᠤᠤᠭᠤᠵᠤ᠂ ᠲᠠᠬᠢᠨ ᠨᠢᠭᠤᠷ ᠭᠠᠷ ᠢᠶᠠᠨ ᠤᠬᠢᠶᠠᠳᠠᠭ᠃ ᠡᠬᠦᠨ ᠢᠶᠠᠨ ᠷᠠᠰᠢᠶᠠᠯᠠᠬᠤ | ᠬᠡᠵᠤ ᠬᠡᠯᠡᠳᠡᠭ᠃ ᠭᠠᠵᠠᠷ ᠲᠡᠭᠡᠷ᠎ᠡ ᠲᠠᠯᠪᠢᠯ ᠦᠬᠡᠢ ᠠᠪᠴᠢᠷᠠᠭᠰᠠᠨ ᠤᠰᠤ ᠪᠠᠨ ᠬᠦᠯ ᠦᠬᠡᠢ ᠤᠰᠤ᠂ ᠲᠠᠷᠤᠢ | ᠷᠠᠰᠢᠶᠠᠨ ᠤᠰᠳ ᠬᠡᠳᠡᠭ᠃ ᠲᠠᠷᠠᠭᠠᠯᠠᠪᠠᠯ ᠠᠬᠢ ᠰᠢᠷᠠᠯᠵᠢ ᠠᠪᠴᠢᠷᠠᠨ ᠨᠠᠪᠴᠢ ᠶᠢ ᠨᠢ ᠴᠢᠬᠢᠨ ᠳᠡᠭᠡᠨ ᠴᠢᠬᠢᠵᠤ᠂ | ᠴᠤᠩᠬᠤ ᠡᠬᠦᠳᠡᠨ ᠲᠡᠭᠡᠷ᠎ᠡ ᠪᠠᠨ ᠬᠠᠳᠬᠤᠵᠤ ᠨᠢᠬᠡ ᠵᠢᠯ ᠳᠡᠭᠡᠨ ᠡᠪᠡᠳᠴᠢᠨ ᠲᠠᠬᠤᠯ ᠦᠬᠡᠢ ᠡᠷᠡᠬᠦᠯ ᠰᠠᠷᠠᠭᠤᠯ᠂ | ᠭᠠᠢ ᠪᠠᠷᠴᠢᠳ ᠠᠶᠤᠯ ᠵᠤᠪᠠᠯᠠᠩ ᠦᠬᠡᠢ ᠠᠮᠤᠷ ᠲᠠᠶᠢᠪᠤᠡᠭ ᠪᠠᠶᠢᠬᠤ ᠶᠢ ᠪᠡᠯᠬᠡᠳᠡᠳᠡᠭ᠃ ᠡᠨᠡ ᠡᠳᠦᠷ ᠬᠦᠮᠦᠰ ᠵᠠᠪᠠᠯ | ᠦᠷᠦᠮ᠎ᠡ ᠲᠠᠢ ᠬᠤᠭᠤᠯᠠ ᠢᠳᠡᠳᠡᠭ ᠵᠠᠩᠰᠢᠯ ᠲᠠᠢ᠃ ᠬᠡᠤᠬᠡᠳ ᠪᠠᠭᠠᠴᠤᠳ ᠮᠠᠩᠬᠠᠨ ᠲᠡᠭᠡᠷ᠎ᠡ ᠨᠠᠭᠠᠳᠬᠤ ᠪᠠᠷ | ᠶᠠᠪᠤᠬᠤ ᠳᠠᠭᠠᠨ ᠲᠠᠬᠢᠶᠠᠨ ᠦᠡᠳᠡᠭᠡ ᠴᠢᠨᠡᠵᠤ ᠠᠪᠠᠴᠢᠨ ᠦᠡᠭᠬᠦᠷᠢᠬᠦᠯᠵᠤ ᠨᠠᠭᠠᠳᠳᠠᠭ ᠪᠠᠶᠢᠵᠠᠢ᠃ | 1980 ᠤᠨ ᠠᠴᠠ ᠡᠬᠢᠯᠡᠨ ᠡᠨᠡᠬᠦ ᠦᠡᠳᠦᠷ ᠮᠠᠩᠬᠠᠨ ᠳᠤ ᠮᠠᠴᠤᠳᠠᠭ ᠵᠠᠩᠰᠢᠯ ᠨᠢ ᠱᠤᠩᠬᠤᠷ ᠠᠭᠤᠯᠠᠨ ᠳᠤ | ᠮᠠᠴᠤᠳᠠᠭ ᠵᠠᠩᠰᠢᠯ ᠪᠤᠯᠵᠤ ᠬᠤᠪᠢᠷᠠᠪᠠ᠃ ᠲᠡᠷᠡ ᠵᠢᠯ ᠤᠨ ᠲᠠᠪᠤᠨ ᠰᠠᠷ᠎ᠠ ᠶᠢᠨ ᠰᠢᠨ᠎ᠠ ᠶᠢᠨ ᠲᠠᠪᠤᠨ ᠤ ᠡᠳᠦᠷ᠂ | ᠠᠭᠤᠯᠠ ᠪᠠᠯᠭᠠᠰᠤ ᠶᠢᠨ ᠬᠠᠨᠭ᠍ᠭᠠᠨ ᠪᠤᠷᠤᠯᠠᠭᠤᠯᠬᠤ ᠬᠤᠷᠰᠢᠶ᠎ᠠ᠂ ᠢᠳᠡᠬᠡᠮᠵᠢ ᠶᠢᠨ ᠬᠤᠷᠰᠢᠶ᠎ᠠ᠂ ᠭᠠᠵᠠᠷ ᠰᠢᠡᠵᠢᠯᠡᠬᠡᠨ | ᠤ ᠦᠷᠳᠡᠭᠡ᠂ ᠪᠠᠩᠬᠢ ᠶᠢᠨ ᠠᠵᠢᠯᠯᠠᠬᠤ ᠭᠠᠵᠠᠷ ᠵᠡᠷᠭᠡ ᠬᠡᠳᠦᠨ ᠪᠠᠶᠢᠭᠤᠯᠤᠯᠭ᠎ᠠ ᠨᠢᠬᠡᠴᠢ ᠶᠢᠨ ᠺᠠᠳ᠋ᠷ ᠠᠵᠢᠯᠳᠠᠨ | ᠪᠤᠯᠤᠨ ᠬᠤᠪᠢ ᠶᠢᠨ ᠡᠷᠦᠬᠡ ᠶᠢᠨ ᠡᠵᠡᠳ᠂ ᠦᠡᠳᠡᠭᠡ᠂ ᠶᠠᠰᠤ ᠮᠢᠬ᠎ᠠ ᠴᠢᠨᠠᠨ᠂ ᠠᠷᠢᠬᠢ ᠲᠠᠷᠠᠰᠤ ᠪᠠᠨ ᠠᠪᠴᠤ᠂ | ᠱᠤᠩᠬᠤᠷ ᠠᠭᠤᠯᠠ ᠶᠢᠨ ᠤᠷᠤᠢ ᠳᠤ ᠭᠠᠷᠴᠤ᠂ ᠠᠷᠢᠬᠢ ᠪᠠᠨ ᠤᠤᠭᠤᠨ᠂ ᠲᠠᠭᠤᠯᠠᠨ ᠰᠢᠯᠦᠭᠯᠡᠵᠤ ᠬᠠᠭᠠᠰ ᠡᠳᠦᠷ | ᠨᠠᠶᠢᠷᠯᠠᠯᠳᠤᠨ ᠬᠦᠤᠷᠦᠯᠳᠦᠪᠡ᠃ ᠡᠨᠡᠬᠦ ᠬᠤᠪᠢᠷᠠᠯᠳᠠ ᠶᠢᠨ ᠭᠤᠤᠯ ᠰᠢᠯᠳᠠᠭᠠᠨ ᠨᠢ ᠬᠦᠮᠦᠰ ᠤᠨ ᠠᠵᠤ ᠠᠮᠢᠳᠤᠷᠠᠯ | ᠤᠨ ᠬᠢᠷᠢ ᠲᠦᠪᠰᠢᠨ ᠤ ᠲᠡᠭᠡᠭᠰᠢᠯᠡᠯᠳᠡ ᠲᠠᠢ ᠰᠢᠭᠤᠳ ᠬᠤᠯᠪᠤᠭ᠎ᠠ ᠲᠠᠢ ᠶᠤᠮ᠃ ᠡᠬᠦᠨ ᠠᠴᠠ ᠡᠬᠢᠯᠡᠬᠡᠳ ᠵᠢᠯ | ᠪᠦᠷᠢ ᠶᠢᠨ ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠰᠢᠨ᠎ᠠ ᠶᠢᠨ ᠲᠠᠪᠤᠨ ᠳᠤ ᠲᠤᠬᠠᠢ ᠶᠢᠨ ᠭᠠᠵᠠᠷ ᠤᠨ | ᠬᠦᠮᠦᠰ ᠪᠦᠷ ᠢᠡᠭᠬᠢᠵᠤ ᠨᠠᠶᠢᠷᠠᠯᠳᠤᠳᠠᠭ ᠪᠤᠯᠵᠠᠢ᠃ ᠤᠯᠠᠨ ᠲᠦᠮᠡᠨ ᠤ ᠡᠨᠡᠬᠦ ᠦᠪᠡᠷᠰᠡᠳ ᠢᠶᠠᠨ ᠵᠤᠬᠢᠶᠠᠨ | ᠪᠠᠶᠢᠭᠤᠯᠤᠭᠰᠠᠨ ᠤᠬᠠᠮᠰᠠᠷᠳᠤ ᠪᠤᠰᠤ ᠰᠤᠶᠤᠯ ᠤᠨ ᠠᠵᠢᠯᠯᠠᠭ᠎ᠠ ᠨᠢ ᠵᠢᠯ ᠠᠴᠠ ᠵᠢᠯ ᠦᠷᠭᠡᠵᠢᠨ ᠪᠤᠵᠠᠭᠠᠶᠢᠷᠠᠵᠤ᠂ | ᠤᠯᠠᠮ ᠢᠶᠠᠷ ᠦᠡᠳᠦᠷ ᠮᠠᠩᠬᠠᠨ ᠳᠤ ᠭᠠᠷᠴᠤ ᠨᠠᠭᠠᠳᠬᠤ ᠬᠦᠮᠦᠨ ᠠᠯᠠᠭ᠎ᠠ ᠪᠤᠯᠵᠤ᠂ ᠪᠦᠷ ᠱᠤᠩᠬᠤᠷ ᠠᠭᠤᠯᠠ ᠶᠢᠨ | ᠤᠷᠤᠢ ᠳᠤ ᠭᠠᠷᠴᠤ ᠨᠠᠶᠢᠷᠠᠯᠳᠤᠳᠠᠭ ᠪᠤᠯᠵᠤ ᠪᠢᠯᠠ᠃ ᠤᠯᠠᠨ ᠲᠦᠮᠡᠨ ᠤ ᠡᠨᠡᠬᠦ ᠦᠪᠡᠷᠰᠡᠳ ᠢᠶᠠᠨ ᠵᠤᠬᠢᠶᠠᠨ | ᠪᠠᠶᠢᠭᠤᠯᠤᠭᠰᠠᠨ ᠰᠤᠶᠤᠯ ᠤᠨ ᠠᠵᠢᠯᠯᠠᠭ᠎ᠠ ᠨᠢ ᠠᠷᠪᠠ ᠭᠠᠷᠤᠢ ᠵᠢᠯ ᠤᠨ ᠲᠤᠷᠰᠢ ᠲᠠᠰᠤᠷᠠᠯ ᠦᠬᠡᠢ ᠶᠠᠪᠤᠭᠳᠠᠭᠰᠠᠭᠠᠷ | ᠢᠷᠡᠭᠰᠡᠨ ᠪᠦᠬᠡᠳ ᠬᠦᠷᠢᠶ᠎ᠡ ᠬᠡᠪᠴᠢᠶ᠎ᠡ ᠨᠢ ᠤᠯᠠᠮ ᠦᠷᠬᠡᠵᠢᠨ ᠤᠶᠢᠷ᠎ᠠ ᠵᠡᠷᠭᠡᠯᠳᠡᠭᠡ ᠰᠤᠮᠤ ᠪᠠᠯᠭᠠᠰᠤ ᠶᠢᠨ ᠤᠯᠠᠨ | ᠲᠦᠮᠡᠨ ᠴᠦ ᠤᠷᠤᠯᠴᠠᠬᠤ ᠪᠤᠯᠪᠠ᠃ | 1993 ᠤᠨ ᠳᠤ᠂ ᠠᠭᠤᠯᠠ ᠰᠤᠮᠤ ᠶᠢᠨ ᠵᠠᠰᠠᠭ ᠤᠨ ᠤᠷᠳᠤᠨ ᠨᠢ᠂ ᠲᠠᠪᠤᠨ ᠰᠠᠷ᠎ᠠ ᠶᠢᠨ ᠰᠢᠨ᠎ᠠ ᠶᠢᠨ | ᠲᠠᠪᠤᠨ ᠳᠤ ᠶᠠᠪᠤᠭᠳᠠᠳᠠᠭ ᠤᠯᠠᠨ ᠲᠦᠮᠡᠨ ᠤ ᠡᠨᠡᠬᠦ ᠤᠬᠠᠮᠰᠠᠷᠳᠤ ᠪᠤᠰᠤ ᠰᠤᠶᠤᠯ ᠤᠨ ᠠᠵᠢᠯᠯᠠᠭ᠎ᠠ ᠶᠢ ᠵᠠᠰᠠᠭ ᠤᠨ | ᠤᠷᠳᠤᠨ ᠤ ᠨᠢᠬᠡᠳᠦᠯᠳᠡᠢ ᠵᠤᠬᠢᠶᠠᠨ ᠪᠠᠶᠢᠭᠤᠯᠤᠯᠳᠠ ᠲᠤᠤᠷ᠎ᠠ᠂ ᠵᠤᠷᠢᠯᠭ᠎ᠠ ᠲᠠᠢ᠂ ᠠᠯᠬᠤᠮ ᠲᠠᠷᠠᠭ᠎ᠠ ᠲᠠᠢ ᠰᠤᠶᠤᠯ | ᠤᠨ ᠨᠠᠶᠢᠷ ᠪᠤᠯᠭᠠᠨ ᠡᠷᠬᠢᠯᠡᠬᠦ ᠪᠠᠷ ᠲᠤᠭᠳᠠᠪᠠ᠃ ᠡᠬᠦᠨ ᠤ ᠭᠤᠤᠯ ᠵᠤᠷᠢᠯᠭ᠎ᠠ ᠨᠢ᠂ ᠡᠨᠡᠬᠦ ᠰᠤᠶᠤᠯ ᠤᠨ ᠨᠠᠶᠢᠷ ᠢᠶᠠᠷ | ᠲᠠᠮᠵᠢᠨ ᠠᠭᠤᠯᠠ ᠰᠤᠮᠤ ᠪᠠᠨ ᠬᠦᠮᠦᠰ ᠲᠤ ᠤᠬᠠᠭᠤᠯᠤᠨ ᠲᠠᠨᠢᠭᠤᠯᠵᠤ᠂ ᠠᠭᠤᠯᠠ ᠪᠠᠯᠭᠠᠰᠤ ᠶᠢᠨ ᠢᠶᠠᠨ ᠨᠡᠷ᠎ᠡ | ᠨᠦᠯᠦᠬᠡ ᠶᠢ ᠦᠷᠬᠡᠳᠬᠡᠨ᠂ ᠵᠤᠭᠠᠴᠠᠯ ᠤᠨ ᠦᠢᠯᠡᠰ ᠡᠷᠬᠢᠯᠡᠵᠤ᠂ ᠤᠷᠤᠨ ᠨᠤᠳᠤᠭ ᠤᠨ ᠡᠬᠡ ᠪᠠᠶᠢᠭᠠᠯᠢ ᠶᠢᠨ | ᠲᠠᠪᠠᠭᠤᠯᠢᠭ ᠢᠶᠠᠨ ᠠᠵᠤ ᠠᠬᠤᠢ ᠶᠢᠨ ᠲᠠᠪᠠᠭᠤᠯᠢᠭ ᠪᠤᠯᠭᠠᠨ ᠬᠤᠪᠢᠷᠠᠭᠤᠯᠵᠤ᠂ ᠤᠯᠠᠨ ᠲᠦᠮᠡᠨ ᠤ ᠠᠵᠤ ᠠᠬᠤᠢ | ᠶᠢᠨ ᠠᠰᠢᠭ ᠤᠷᠤᠯᠭ᠎ᠠ ᠶᠢ ᠨᠡᠮᠡᠭᠳᠡᠬᠦᠯᠬᠦ ᠶᠠᠪᠤᠳᠠᠯ ᠪᠤᠯᠤᠨ᠎ᠠ᠃ | ᠡᠨᠡᠬᠦ ᠰᠤᠶᠤᠯ ᠤᠨ ᠨᠠᠶᠢᠷ ᠤᠨ ᠨᠠᠷᠠᠶᠢᠳᠤᠯ ᠤᠨ ᠲᠤᠬᠠᠢ ᠰᠤᠮᠤ ᠶᠢᠨ ᠵᠠᠰᠠᠭ ᠤᠨ ᠤᠷᠳᠤᠨ ᠨᠢ᠂ ᠬᠤᠰᠢᠭᠤᠨ | ᠤ ᠰᠤᠶᠤᠯ ᠤᠨ ᠬᠡᠷ ᠤᠨ ᠠᠮᠤᠭᠤᠯᠠᠩ ᠲᠠᠷᠤᠭ᠎ᠠ ᠪᠤᠯᠤᠨ ᠮᠠᠡᠳᠤᠬᠤ ᠪᠠᠭᠰᠢ ᠲᠠᠢ ᠶᠠᠷᠢᠯᠴᠠᠨ ᠵᠦᠪᠳᠡᠭᠡᠳ ᠡᠴᠦᠰ | ᠲᠡᠭᠡᠨ ︽ᠱᠤᠩᠬᠤᠷ ᠤᠨ ᠴᠤᠭᠯᠠᠭᠠᠨ︾ ᠬᠡᠵᠤ ᠨᠡᠷᠡᠶᠢᠳᠬᠦ ᠪᠠᠷ ᠲᠤᠭᠳᠠᠪᠠ᠃ | ᠠᠩᠬᠠᠳᠤᠭᠠᠷ ᠬᠤᠭᠤᠴᠠᠭᠠᠨ ᠤ ︽ᠱᠤᠩᠬᠤᠷ ᠤᠨ ᠴᠤᠭᠯᠠᠭᠠᠨ︾ ᠪᠤᠯ ᠬᠦᠷᠢᠶ᠎ᠡ ᠬᠡᠪᠴᠢᠶ᠎ᠡ ᠦᠷᠭᠡᠨ ᠲᠡᠯᠭᠡᠷ᠂ | ᠠᠭᠤᠯᠭ᠎ᠠ ᠬᠡᠯᠪᠡᠷᠢ ᠡᠯᠪᠡᠭ ᠪᠠᠶᠠᠯᠢᠭ ᠶᠠᠪᠤᠭᠳᠠᠭᠰᠠᠨ ᠨᠢᠬᠡ ᠤᠳᠠᠭᠠᠨ ᠤ ᠰᠤᠶᠤᠯ ᠤᠨ ᠨᠠᠶᠢᠷ ᠪᠤᠯᠬᠤ ᠶᠤᠮ᠃ ᠡᠨᠡ | ᠤᠳᠠᠭᠠᠨ ᠤ ︽ᠱᠤᠩᠬᠤᠷ ᠤᠨ ᠴᠤᠭᠯᠠᠭᠠᠨ︾ ᠨᠢ ᠠᠭᠤᠯᠠᠨ ᠳᠤ ᠭᠠᠷᠴᠤ ᠨᠤᠳᠤᠭ ᠤᠰᠤᠨ ᠤ ᠪᠠᠨ ᠨᠠᠪᠳᠠᠭ | ᠰᠢᠪᠳᠠᠭ ᠢ ᠪᠠᠶᠠᠰᠬᠠᠬᠤ᠂ ᠪᠦᠬᠡ ᠪᠠᠷᠢᠯᠳᠤᠬᠤ᠂ ᠮᠤᠷᠢ ᠤᠷᠤᠯᠳᠤᠬᠤ ᠪᠤᠯᠤᠨ ᠠᠷᠠᠳ ᠤᠨ ᠲᠠᠭᠤᠤ ᠶᠢᠨ | ᠤᠷᠤᠯᠳᠤᠭᠠᠨ ᠶᠠᠪᠤᠭᠳᠠᠭᠤᠯᠬᠤ ᠵᠡᠷᠭᠡ ᠬᠡᠳᠦᠨ ᠠᠭᠤᠯᠭ᠎ᠠ ᠪᠠᠷ ᠪᠦᠳᠦᠨ ᠭᠤᠷᠪᠠᠨ ᠡᠳᠦᠷ ᠶᠠᠪᠤᠭᠳᠠᠵᠠᠢ᠃ | ᠲᠤᠰ ᠤᠳᠠᠭᠠᠨ ᠤ ︽ᠱᠤᠩᠬᠤᠷ ᠤᠨ ᠴᠤᠭᠯᠠᠭᠠᠨ︾ ᠳᠤ ᠡᠯ᠎ᠡ ᠰᠤᠮᠤ ᠪᠠᠯᠭᠠᠰᠤ᠂ ᠬᠤᠰᠢᠭᠤᠨ ᠤ ᠡᠯ᠎ᠡ | ᠬᠠᠷᠢᠶ᠎ᠠ ᠪᠠᠶᠢᠭᠤᠯᠤᠯᠭ᠎ᠠ᠂ ᠵᠡᠷᠭᠡᠯᠳᠡᠭᠡ ᠬᠤᠰᠢᠭᠤ ᠰᠢᠶᠠᠨ ᠠᠴᠠ ᠬᠦᠷᠦᠯᠴᠡᠨ ᠢᠷᠡᠭᠰᠡᠨ ᠵᠤᠴᠢᠳ ᠠᠷᠪᠠᠨ ᠲᠦᠮᠡ ᠶᠢ | ᠲᠠᠪᠠᠵᠠᠢ᠃ ᠲᠤᠬᠠᠢ ᠶᠢᠨ ᠦᠶ᠎ᠡ ᠳᠤ ᠵᠠᠮ ᠬᠠᠷᠢᠯᠴᠠᠭ᠎ᠠ ᠲᠦᠬᠦᠮ ᠦᠬᠡᠢ ᠪᠠᠶᠢᠭᠰᠠᠨ ᠪᠤᠯᠬᠤᠷ᠂ ᠬᠤᠨᠤᠭ ᠤᠨ | ᠵᠤᠴᠢᠳ ᠤᠯᠠᠨ ᠪᠠᠶᠢᠵᠠᠢ᠃ ᠡᠯ᠎ᠡ ᠠᠯᠪᠠᠨ ᠪᠠᠶᠢᠭᠤᠯᠤᠯᠭ᠎ᠠ ᠶᠢᠨ ᠠᠯᠪᠠᠨ ᠬᠡᠷ᠂ ᠲᠤᠮᠳᠠᠳᠤ ᠪᠠᠭ᠎ᠠ ᠰᠤᠷᠭᠠᠭᠤᠯᠢ ᠶᠢᠨ | ᠠᠩᠬᠢ ᠶᠢᠨ ᠬᠡᠷ᠂ ᠪᠠᠶᠢᠷᠢ ᠶᠢᠨ ᠬᠡᠷ ᠲᠤ ᠪᠦᠷ ᠵᠤᠴᠢᠳ ᠲᠦᠭᠦᠷᠡᠭᠰᠡᠨ ᠪᠠᠶᠢᠯ᠎ᠠ᠃ ᠦᠷᠯᠦᠬᠡ ᠠᠯᠤᠰ ᠠᠴᠠ | ᠬᠠᠷᠠᠬᠤ ᠳᠤ᠂ ᠱᠤᠩᠬᠤᠷ ᠠᠭᠤᠯᠠ ᠶᠢᠨ ᠤᠷᠤᠢ ᠳᠤ ᠠᠭᠤᠯᠠ ᠠᠪᠠᠷᠢᠭᠰᠠᠨ ᠬᠦᠮᠦᠰ ᠢ ᠪᠠᠷᠤᠭ ᠰᠢᠬᠠᠭᠠᠳ | ᠲᠠᠯᠪᠢᠭᠰᠠᠨ ᠰᠢᠭ᠋ ᠪᠤᠯᠤᠭᠰᠠᠨ ᠪᠦᠬᠡᠳ ᠨᠠᠢᠮᠠᠨ ᠭᠠᠵᠠᠷ ᠬᠤᠯᠠ ᠪᠠᠶᠢᠭ᠎ᠠ ᠨᠠᠶᠢᠷ ᠤᠨ ᠲᠠᠯᠠᠪᠠᠢ ᠠᠴᠠ ᠱᠤᠩᠬᠤᠷ | ᠠᠭᠤᠯᠠ ᠬᠦᠷᠳᠡᠯ᠎ᠡ ᠬᠦᠮᠦᠨ ᠤ ᠤᠷᠤᠰᠬᠠᠯ ᠲᠠᠰᠤᠷᠠᠯ ᠦᠬᠡᠢ ᠦᠷᠬᠦᠯᠵᠢᠯᠡᠵᠤ ᠪᠠᠶᠢᠯ᠎ᠠ᠃ ᠵᠠᠮ ᠤᠨ ᠬᠤᠶᠠᠷ | ᠬᠠᠵᠠᠭᠤ ᠪᠠᠷ ᠲᠦᠷ ᠴᠠᠭ ᠤᠨ ᠬᠤᠭᠤᠯᠠᠨ ᠬᠡᠷ᠂ ᠬᠤᠳᠠᠯᠳᠤᠭ᠎ᠠ ᠮᠠᠶᠢᠮᠠᠢ ᠨᠡᠶᠢᠳᠡᠮ ᠵᠠᠯᠭᠠᠯᠳᠤᠵᠠᠢ᠃ | ᠨᠠᠶᠢᠷ ᠤᠨ ᠲᠠᠯᠠᠪᠠᠢ ᠶᠢ ᠱᠤᠩᠬᠤᠷ ᠠᠭᠤᠯᠠ ᠶᠢᠨ ᠵᠡᠬᠦᠨ ᠡᠮᠤᠨ᠎ᠡ᠂ ᠬᠤᠨᠭ᠍ᠳᠢ ᠶᠢᠨ ᠴᠠᠭᠠᠨ ᠤ ᠵᠡᠬᠦᠡᠳᠡᠢ᠂ | ᠤᠳᠤ ᠶᠢᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠮᠢᠩᠭᠠᠨ ᠮᠧᠲᠷ ᠤᠷᠳᠤ ᠴᠠᠭᠠᠷᠢᠭ ᠬᠦᠶᠦᠯᠳᠡ ᠶᠢᠨ ᠵᠠᠮ | ᠵᠠᠰᠠᠵᠤ᠂ ᠪᠦᠬᠡ ᠪᠠᠷᠢᠯᠳᠤᠬᠤ᠂ ᠮᠤᠷᠢ ᠤᠷᠤᠯᠳᠤᠬᠤ ᠤᠷᠤᠯᠳᠤᠭᠠᠨ ᠤ ᠲᠠᠯᠠᠪᠠᠢ ᠪᠤᠯᠭᠠᠵᠠᠢ᠃ ᠲᠤᠰ ᠤᠳᠠᠭᠠᠨ ᠤ | ᠤᠷᠤᠯᠳᠤᠭᠠᠨ ᠳᠤ ᠵᠢᠷᠠᠨ ᠲᠦᠷᠪᠡᠨ ᠬᠤᠤᠰ ᠪᠦᠬᠡᠴᠢᠨ ᠤᠷᠤᠯᠴᠠᠵᠤ᠂ ᠮᠤᠷᠢᠨ ᠤᠷᠤᠯᠳᠤᠭᠠᠨ ᠳᠤ ᠡᠯ᠎ᠡ ᠬᠤᠰᠢᠭᠤ | ᠰᠢᠶᠠᠨ ᠠᠴᠠ ᠬᠦᠷᠦᠯᠴᠡᠨ ᠢᠷᠡᠭᠰᠡᠨ ᠵᠠᠭᠤ ᠭᠠᠷᠤᠢ ᠮᠤᠷᠢᠴᠢᠨ ᠨᠡᠷ᠎ᠡ ᠮᠡᠳᠡᠬᠦᠯᠦᠨ ᠤᠷᠤᠯᠴᠠᠵᠠᠢ᠃ ᠮᠤᠷᠢᠨ | ᠤᠷᠤᠯᠳᠤᠭᠠᠨ ᠢ ᠬᠤᠷᠳᠤᠨ ᠮᠤᠷᠢᠨ ᠤ ᠤᠷᠤᠯᠳᠤᠭᠠᠨ᠂ ᠵᠢᠷᠤᠭ᠎ᠠ ᠮᠤᠷᠢᠨ ᠤ ᠤᠷᠤᠯᠳᠤᠭᠠᠨ᠂ ᠬᠠᠳᠠᠷᠢᠭ᠎ᠠ ᠮᠤᠷᠢᠨ ᠤ | ᠤᠷᠤᠯᠳᠤᠭᠠᠨ ᠬᠡᠵᠤ ᠭᠤᠷᠪᠠᠨ ᠲᠦᠷᠦᠯ ᠬᠤᠪᠢᠶᠠᠨ ᠶᠠᠪᠤᠭᠳᠠᠭᠤᠯᠤᠭᠰᠠᠨ ᠪᠦᠬᠡᠳ ᠲᠦᠷᠦᠯ ᠪᠦᠷᠢ ᠶᠢᠨ | ᠤᠷᠤᠯᠳᠤᠭᠠᠨ ᠢ ᠲᠤᠳᠤᠷ᠎ᠠ ᠨᠢ ᠪᠠᠰᠠ ᠤᠷᠳᠤ ᠤᠬᠤᠷ ᠵᠠᠢ ᠶᠢᠨ ᠠᠳᠠᠯᠢ ᠪᠤᠰᠤ ᠶᠢ ᠦᠡᠳᠦᠰᠦᠯᠡᠨ ᠬᠡᠳᠦᠨ ᠠᠩᠬᠢ | ᠬᠤᠪᠢᠶᠠᠨ ᠤᠷᠤᠯᠳᠤᠪᠠ᠃ ᠲᠦᠮᠡᠨ ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠢ ᠪᠠᠶᠠᠡᠴᠠᠭᠠᠨ ᠨᠠᠭᠤᠷ ᠤᠨ | ᠪᠠᠷᠠᠭᠤᠨ ᠬᠦᠪᠡᠭᠡ ᠳᠤ ᠡᠬᠢᠯᠡᠯᠳᠡ ᠶᠢᠨ ᠴᠡᠭ ᠪᠤᠯᠭᠠᠨ᠂ ᠭᠤᠤᠯ ᠤᠷᠤᠯᠳᠤᠭᠠᠨ ᠤ ᠲᠠᠯᠠᠪᠠᠢ ᠶᠢ ᠲᠡᠬᠦᠰᠬᠡᠯ ᠤᠨ | ᠴᠡᠭ ᠪᠤᠯᠭᠠᠵᠠᠢ᠃ ᠠᠷᠠᠳ ᠤᠨ ᠲᠠᠭᠤᠤ ᠶᠢᠨ ᠤᠷᠤᠯᠳᠤᠭᠠᠨ ᠢ ᠰᠤᠮᠤ ᠶᠢᠨ ᠬᠤᠷᠠᠯ ᠤᠨ ᠲᠢᠩᠬᠢᠮ ᠳᠤ | ᠶᠠᠪᠤᠭᠳᠠᠭᠤᠯᠤᠭᠰᠠᠨ ᠪᠦᠬᠡᠳ ᠪᠡᠯᠡᠳᠬᠡᠯ ᠤᠷᠤᠯᠳᠤᠭᠠᠨ ᠪᠤᠯᠤᠨ ᠰᠢᠢᠳᠪᠦᠷᠢᠳᠤ ᠤᠷᠤᠯᠳᠤᠭᠠᠨ ᠬᠡᠬᠦ ᠬᠤᠶᠠᠷ | ᠠᠯᠬᠤᠮ ᠢᠶᠠᠷ ᠶᠠᠪᠤᠭᠳᠠᠭᠤᠯᠵᠠᠢ᠃ | | ᠱᠤᠩᠬᠤᠷ ᠤᠨ ᠴᠤᠭᠯᠠᠭᠠᠨ ᠤ ᠬᠤᠪᠢᠷᠠᠯ ᠬᠦᠭᠵᠢᠯ | ᠱᠤᠩᠬᠤᠷ ᠤᠨ ᠴᠤᠭᠯᠠᠭᠠᠨ ᠨᠢ ᠤᠯᠠᠨ ᠲᠦᠮᠡᠨ ᠤ ᠤᠬᠠᠮᠰᠠᠷᠳᠤ ᠪᠤᠰᠤ ᠰᠤᠶᠤᠯ ᠤᠨ ᠠᠵᠢᠯᠯᠠᠭᠠᠨ ᠪᠠᠶᠢᠭᠰᠠᠨ | ᠠᠴᠠ ᠪᠠᠨ ᠵᠠᠰᠠᠭ ᠤᠨ ᠤᠷᠳᠤᠨ ᠤ ᠵᠤᠬᠢᠶᠠᠨ ᠪᠠᠶᠢᠭᠤᠯᠤᠯᠳᠠ ᠲᠠᠢ᠂ ᠠᠯᠬᠤᠮ ᠲᠠᠷᠠᠭ᠎ᠠ ᠲᠠᠢ ᠰᠤᠶᠤᠯ ᠤᠷᠠᠯᠢᠭ ᠤᠨ | ᠬᠦᠳᠡᠯᠬᠡᠬᠡᠨ ᠪᠤᠯᠵᠤ ᠬᠦᠭᠵᠢᠬᠦ ᠶᠠᠪᠤᠴᠠ ᠳᠤ ᠪᠠᠨ ᠤᠷᠤᠨ ᠨᠤᠳᠤᠭ ᠤᠨ ᠰᠤᠶᠤᠯ ᠤᠷᠠᠯᠢᠭ ᠤᠨ ᠬᠦᠭᠵᠢᠯᠳᠡ ᠳᠤ | ᠮᠠᠰᠢ ᠶᠡᠭᠡ ᠠᠬᠢᠭᠤᠯᠬᠤ ᠦᠢᠯᠡᠳᠦᠯ ᠦᠵᠡᠬᠦᠯᠦᠭᠰᠡᠨ ᠶᠤᠮ᠃ | ᠦᠡᠳᠦᠰᠦᠳᠡᠨ ᠤ ᠰᠤᠶᠤᠯ ᠤᠷᠠᠯᠢᠭ ᠨᠢ ᠪᠤᠰᠤᠳ ᠠᠵᠢᠯ ᠦᠢᠯᠡᠰ ᠲᠠᠢ ᠠᠳᠠᠯᠢ ᠪᠠᠷ ᠲᠡᠷᠡ ᠦᠶ᠎ᠡ ᠳᠤ | ᠠᠷᠠᠳ ᠤᠨ ᠲᠠᠭᠤᠤ ᠴᠦ ᠮᠠᠰᠢ ᠶᠡᠭᠡ ᠬᠢᠵᠠᠭᠠᠷᠯᠠᠯ ᠲᠠᠢ ᠪᠠᠶᠢᠭᠰᠠᠨ ᠠᠴᠠ ᠪᠠᠨ ᠨᠠᠮ ᠤᠨ ᠠᠷᠪᠠᠨ ᠨᠢᠬᠡᠳᠦᠬᠡᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠠᠴᠠ ᠦᠬᠡᠷᠡᠴᠢᠯᠡᠯᠳᠡ ᠬᠢᠵᠤ ᠴᠢᠯᠦᠬᠡᠳᠡᠢ ᠶᠠᠪᠤᠯᠴᠠᠬᠤ | ᠲᠦᠷᠦ ᠶᠢᠨ ᠪᠤᠳᠤᠯᠭ᠎ᠠ ᠶᠢ ᠲᠤᠷᠠᠳᠤᠨ ᠭᠠᠷᠭᠠᠭᠰᠠᠨ ᠤ ᠲᠠᠷᠠᠭ᠎ᠠ ᠠᠷᠠᠳ ᠤᠨ ᠤᠷᠠᠯᠢᠭ ᠰᠠᠶ᠋ᠢ ︽ᠴᠢᠯᠦᠬᠡᠯᠡᠯᠳᠡ︾ | ᠪᠠᠨ ᠤᠯᠵᠤ᠂ ᠬᠦᠭᠵᠢᠯᠳᠡ ᠶᠢᠨ ᠰᠢᠨ᠎ᠠ ᠱᠠᠳᠤᠨ ᠳᠤ ᠤᠷᠤᠭᠰᠠᠨ ᠶᠤᠮ᠃ ᠬᠡᠪᠡᠴᠤ ᠪᠦᠬᠦ ᠨᠡᠶᠢᠬᠡᠮ ᠤᠨ ᠠᠵᠤ | ᠠᠬᠤᠢ ᠶᠢᠨ ᠰᠠᠭᠤᠷᠢ ᠨᠢᠮᠬᠡᠨ ᠪᠠᠶᠢᠭᠰᠠᠨ ᠤᠴᠢᠷ ᠵᠦᠪᠬᠡᠨ ᠠᠷᠠᠳ ᠤᠨ ᠤᠷᠠᠯᠢᠭ ᠤᠨ ᠲᠤᠬᠠᠢ ᠬᠤᠷᠢᠭ᠎ᠠ ᠴᠡᠭᠡᠷ | ᠠᠯᠳᠠᠷᠠᠭᠰᠠᠨ ᠠᠴᠠ ᠪᠢᠰᠢ ᠲᠡᠶᠢᠮᠤ ᠶᠡᠭᠡ ᠬᠦᠭᠵᠢᠯᠳᠡ ᠪᠠᠨ ᠤᠯᠤᠭ᠎ᠠ ᠦᠬᠡᠢ ᠪᠠᠶᠢᠵᠠᠢ᠃ | ᠤᠡᠴᠠᠭᠠᠶᠢᠯᠠᠨᠲ᠋ᠤᠬᠠᠢ ᠶᠢᠨ ᠦᠶ᠎ᠡ ᠳᠤ ᠶᠡᠭᠡ ᠪᠠᠷᠢᠭᠠᠳᠠ ᠪᠦᠷᠢ ᠶᠢᠨ ᠤᠷᠠᠨ ᠰᠠᠶᠢᠬᠠᠨ ᠤ ᠪᠦᠯᠬᠦᠮ ᠪᠦᠬᠦᠨ ᠢᠶᠠᠷ | ᠢᠶᠠᠨ ᠠᠯᠠᠭ᠎ᠠ ᠪᠤᠯᠵᠤ᠂ ᠰᠤᠶᠤᠯ ᠤᠷᠠᠯᠢᠭ ᠤᠨ ᠨᠢᠬᠡᠳᠦᠯᠳᠡᠢ ᠬᠦᠳᠡᠯᠬᠡᠬᠡᠨ ᠨᠢᠬᠡ ᠪᠠᠰᠠ ᠬᠠᠷᠠᠭᠳᠠᠬᠤ ᠦᠬᠡᠢ ᠪᠤᠯᠵᠠᠢ | ᠃1993 ᠤᠨ ᠠᠴᠠ ᠡᠬᠢᠯᠡᠨ ᠶᠠᠪᠤᠭᠳᠠᠭᠰᠠᠨ ︽ᠱᠤᠩᠬᠤᠷ ᠤᠨ ᠴᠤᠭᠯᠠᠭᠠᠨ︾ ᠪᠤᠯ ᠮᠠᠨ ᠤ ᠨᠣᠲᠤᠭ ᠲᠤ | ᠨᠡᠯᠢᠶᠡᠳ ᠡᠷᠳᠡ ᠡᠬᠦᠰᠦᠭᠰᠡᠨ ᠰᠤᠶᠤᠯ ᠤᠷᠠᠯᠢᠭ ᠤᠨ ᠬᠦᠳᠡᠯᠬᠡᠬᠡᠨ ᠮᠥᠨ᠃ ᠲᠤᠬᠠᠢ ᠶᠢᠨ ᠦᠶ᠎ᠡ ᠳᠤ ᠪᠦᠬᠦ | ᠬᠤᠰᠢᠭᠤᠨ ᠤ ᠬᠡᠪᠴᠢᠶᠡᠨ ᠳᠤ ᠴᠦ ᠡᠶᠢᠮᠤ ᠲᠤᠮᠤ ᠬᠡᠯᠪᠡᠷᠢ ᠶᠢᠨ ᠰᠤᠶᠤᠯ ᠤᠷᠠᠯᠢᠭ ᠤᠨ ᠬᠦᠳᠡᠯᠬᠡᠬᠡᠨ ᠪᠠᠶᠢᠭᠰᠠᠨ | ᠦᠬᠡᠢ ᠶᠤᠮ᠃ 2000 ᠤᠨ ᠠᠴᠠ ᠰᠡᠬᠦᠯᠡᠷ ᠬᠤᠪᠢ ᠬᠦᠮᠦᠨ ᠤ ᠵᠤᠬᠢᠶᠠᠨ ᠪᠠᠶᠢᠭᠤᠯᠤᠭᠰᠠᠨ ᠡᠯ᠎ᠡ ᠵᠦᠢᠯ ᠤᠨ | ᠬᠠᠮᠳᠤᠯᠢᠭ ᠵᠠᠯᠭᠠᠪᠠᠷ ᠪᠤᠢ ᠪᠤᠯᠵᠤ᠂ ᠬᠦᠳᠡᠭᠡ ᠲᠤᠰᠬᠤᠨ ᠤ ᠰᠤᠶᠤᠯ ᠤᠷᠠᠯᠢᠭ ᠤᠨ ᠠᠮᠢᠳᠤᠷᠠᠯ ᠬᠦᠭᠵᠢᠶᠡᠨ ᠲᠠᠢ | ᠪᠤᠯᠬᠤ ᠵᠦᠭ ᠲᠡᠭᠡᠨ ᠬᠠᠨᠳᠤᠪᠠ᠃ | 2007 ᠤᠨ ᠳᠤ ᠶᠠᠪᠤᠭᠳᠠᠭᠰᠠᠨ ᠠᠷᠪᠠᠨ ᠲᠠᠪᠤᠳᠤᠭᠠᠷ ᠬᠤᠭᠤᠴᠠᠭᠠᠨ ᠤ ︽ᠱᠤᠩᠬᠤᠷ ᠤᠨ ᠴᠤᠭᠯᠠᠭᠠᠨ︾ | ᠪᠤᠯᠤᠨ2010 ᠤᠨ ᠳᠤ ᠶᠠᠪᠤᠭᠳᠠᠭᠰᠠᠨ ᠠᠷᠪᠠᠨ ᠨᠠᠢᠮᠠᠳᠤᠭᠠᠷ ᠬᠤᠭᠤᠴᠠᠭᠠᠨ ᠤ ︽ᠱᠤᠩᠬᠤᠷ ᠤᠨ ᠴᠤᠭᠯᠠᠭᠠᠨ︾ | ᠪᠤᠯ ᠤᠯᠠᠨ ᠬᠡᠯᠪᠡᠷᠢ ᠶᠢᠨ ᠡᠯᠪᠡᠭ ᠠᠭᠤᠯᠭ᠎ᠠ ᠲᠠᠢ ᠶᠠᠪᠤᠭᠳᠠᠭᠰᠠᠨ ᠬᠤᠶᠠᠷ ᠤᠳᠠᠭᠠᠨ ᠤ ᠴᠤᠭᠯᠠᠭᠠᠨ ᠪᠤᠯᠬᠤ ᠶᠤᠮ᠃ | | ᠠᠷᠪᠠᠨ ᠲᠠᠪᠤᠳᠤᠭᠠᠷ ᠬᠤᠭᠤᠴᠠᠭᠠᠨ ᠤ ᠱᠤᠩᠬᠤᠷ ᠤᠨ ᠴᠤᠭᠯᠠᠭᠠᠨ ᠳᠤ ᠠᠭᠤᠯᠠᠨ ᠳᠤ ᠭᠠᠷᠴᠤ ᠨᠤᠳᠤᠭ | ᠤᠰᠤᠨ ᠤ ᠪᠠᠨ ᠨᠠᠪᠳᠠᠭ ᠰᠢᠪᠳᠠᠭ ᠢ ᠪᠠᠶᠠᠰᠬᠠᠬᠤ᠂ ᠮᠤᠷᠢ ᠤᠷᠤᠯᠳᠤᠬᠤ᠂ ᠪᠦᠬᠡ ᠪᠠᠷᠢᠯᠳᠤᠬᠤ ᠪᠠ ᠠᠷᠠᠳ ᠤᠨ | ᠲᠠᠭᠤᠤ ᠶᠢᠨ ᠤᠷᠤᠯᠳᠤᠭᠠᠨ ᠶᠠᠪᠤᠭᠳᠠᠭᠤᠯᠤᠭᠰᠠᠨ ᠠᠴᠠ ᠭᠠᠳᠠᠨ᠎ᠠ ᠵᠠᠭᠤᠨ ᠬᠦᠮᠦᠨ ᠤ ᠲᠦᠷᠪᠡᠨ ᠤᠳᠠᠰᠤᠳᠤ | ᠬᠤᠭᠤᠷ ᠤᠨ ᠦᠵᠡᠬᠦᠯᠦᠯᠬᠡ᠂ ᠬᠤᠰᠢᠭᠤᠨ ᠤ ᠰᠤᠶᠤᠯ ᠤᠨ ᠬᠡᠷ ᠤᠨ ᠬᠢᠨ ᠦᠵᠡᠬᠦᠯᠦᠯᠬᠡ ᠶᠢᠨ ᠲᠤᠭᠯᠠᠯᠳᠠ | ᠭᠠᠷᠭᠠᠬᠤ ᠵᠡᠷᠭᠡ ᠠᠭᠤᠯᠭ᠎ᠠ ᠪᠠᠷ ᠮᠠᠰᠢ ᠬᠦᠭᠵᠢᠶᠡᠡᠳᠡᠢ ᠭᠤᠷᠪᠠᠨ ᠡᠳᠦᠷ ᠶᠠᠪᠤᠭᠳᠠᠨ ᠦᠡᠳᠦᠷᠯᠡᠭᠰᠡᠨ ᠶᠤᠮ᠃ ᠲᠤᠰ | ᠤᠳᠠᠭ᠎ᠠ ᠠᠴᠠ ᠡᠬᠢᠯᠡᠨ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ︽ᠱᠤᠩᠬᠤᠷ ᠤᠨ ᠴᠤᠭᠯᠠᠭᠠᠨ︾ ᠢ | ᠤᠯᠠᠮ ᠠᠩᠬᠠᠷᠤᠯ ᠳᠠᠭᠠᠨ ᠠᠪᠬᠤ ᠪᠤᠯᠵᠠᠢ᠃ | 2010 ᠤᠨ ᠳᠤ ᠶᠠᠪᠤᠭᠳᠠᠭᠰᠠᠨ ᠠᠷᠪᠠᠨ ᠨᠠᠢᠮᠠᠳᠤᠭᠠᠷ ᠬᠤᠭᠤᠴᠠᠭᠠᠨ ᠤ ︽ᠱᠤᠩᠬᠤᠷ ᠤᠨ ᠴᠤᠭᠯᠠᠭᠠᠨ︾ | ᠳᠤ᠂ ᠠᠭᠤᠯᠠ᠂ ᠤᠰᠤ᠂ ᠱᠠᠩᠰᠢ ᠲᠠᠬᠢᠬᠤ ︵ᠡᠬᠦᠨ ᠢ ᠰᠦᠮ᠎ᠡ ᠶᠢᠨ ᠯᠠᠮᠠ ᠨᠠᠷ ᠬᠦᠢᠴᠡᠳᠬᠡᠵᠡᠢ︶᠂ ᠠᠭᠤᠯᠠᠨ | ᠳᠤ ᠭᠠᠷᠴᠤ ᠨᠤᠳᠤᠭ ᠤᠰᠤᠨ ᠤ ᠨᠠᠪᠳᠠᠭ ᠰᠢᠪᠳᠠᠭ ᠢᠶᠠᠨ ᠪᠠᠶᠠᠰᠬᠠᠬᠤ᠂ ᠠᠭᠤᠯᠠ ᠨᠤᠳᠤᠭ ᠤᠨ ᠤᠡᠴᠠᠯᠢᠭᠳᠤ | ᠬᠡᠷᠡᠯ ᠵᠢᠷᠤᠭ ᠤᠨ ᠦᠵᠡᠬᠦᠯᠦᠯᠬᠡ᠂ ᠦᠡᠳᠦᠰᠦᠳᠡᠨ ᠤ ᠭᠠᠷ ᠤᠷᠠᠯᠠᠯ ᠤᠨ ᠪᠦᠳᠦᠬᠡᠭᠳᠡᠬᠦᠨ ᠤ ᠲᠡᠯᠬᠡᠨ | ᠦᠵᠡᠬᠦᠯᠦᠯᠬᠡ ᠡᠷᠬᠢᠯᠡᠬᠦ᠂ ᠠᠷᠠᠳ ᠤᠨ ᠲᠠᠭᠤᠤ ᠶᠢᠨ ᠤᠷᠤᠯᠳᠤᠭᠠᠨ ᠶᠠᠪᠤᠭᠳᠠᠭᠤᠯᠬᠤ ᠵᠡᠷᠭᠡ ᠠᠭᠤᠯᠭ᠎ᠠ ᠪᠠᠷ ᠬᠤᠶᠠᠷ | ᠡᠳᠦᠷ ᠶᠠᠪᠤᠭᠳᠠᠪᠠ᠃ ᠤᠤᠯ ᠤᠨ ᠶᠠᠪᠤᠭᠳᠠᠵᠤ ᠪᠠᠶᠢᠭᠰᠠᠨ ︽ᠱᠤᠩᠬᠤᠷ ᠤᠨ ᠴᠤᠭᠯᠠᠭᠠᠨ︾ ᠪᠤᠯ ᠲᠠᠩ ᠭᠠᠭᠴᠠ | ᠤᠷᠠᠯᠢᠭ ᠤᠨ ᠬᠦᠷᠳᠡᠬᠡᠮᠵᠢ ᠲᠡᠳᠦᠢ ᠪᠠᠶᠢᠭᠰᠠᠨ ᠪᠤᠯ ᠲᠤᠰ ᠤᠳᠠᠭ᠎ᠠ ᠠᠴᠠ ᠡᠬᠢᠯᠡᠬᠡᠳ ᠰᠤᠶᠤᠯ ᠤᠷᠠᠯᠢᠭ ᠠᠴᠠ | ᠠᠵᠤ ᠠᠬᠤᠢ ᠶᠢᠨ ᠬᠡᠯᠪᠡᠷᠢ ᠵᠦᠭ ᠬᠠᠨᠳᠤᠵᠤ᠂ ᠭᠠᠷ ᠤᠷᠠᠯᠠᠯ ᠤᠨ ᠪᠦᠳᠦᠬᠡᠭᠳᠡᠬᠦᠨ ᠬᠠᠮᠤᠭ ᠠᠩᠬᠠᠨ ᠤ ᠠᠵᠤ | ᠠᠬᠤᠢ ᠶᠢᠨ ᠠᠰᠢᠭ ᠤᠷᠤᠯᠭ᠎ᠠ ᠶᠢ ᠡᠬᠦᠳᠦᠭᠰᠡᠨ ᠪᠠᠶᠢᠨ᠎ᠠ᠃ ᠡᠶᠢᠮᠤ ᠠᠴᠠ ᠡᠨᠡ ᠪᠤᠯ ᠡᠷᠬᠢᠯᠳᠡ ᠶᠢᠨ ᠴᠢᠨᠠᠷ ᠲᠠᠢ | ᠨᠢᠬᠡ ᠤᠳᠠᠭᠠᠨ ᠤ ᠴᠤᠭᠯᠠᠭᠠᠨ ᠪᠤᠯᠬᠤ ᠨᠢ ᠵᠠᠶᠢᠯᠠᠰᠢ ᠦᠬᠡᠢ ᠶᠤᠮ᠃ | ᠣᠳᠤ ᠠᠭᠤᠯᠠ ᠪᠠᠯᠭᠠᠰᠤ ᠨᠢ ᠲᠦᠩᠯᠢᠶᠤᠤ ᠬᠤᠳᠠ ᠶᠢᠨ ᠵᠠᠰᠠᠭ ᠤᠨ ᠤᠷᠳᠤᠨ ᠤ ᠭᠤᠣᠯᠳᠠᠯᠭ᠎ᠠ ᠲᠠᠢ | ᠪᠦᠳᠦᠭᠡᠨ ᠪᠠᠶᠢᠭᠤᠯᠬᠤ ᠵᠤᠭᠠᠴᠠᠯ ᠤᠨ ᠴᠡᠭ ᠪᠣᠯᠤᠭᠰᠠᠨ ᠪᠠᠶᠢᠨ᠎ᠠ᠃ | | |