ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠭᠤᠷᠪᠠᠨ ᠠᠷᠭ᠎ᠠ ᠬᠡᠮᠵᠢᠶ᠎ᠡ ᠠᠪᠴᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠬᠦ ᠶᠢ ᠠᠵᠤ ᠠᠬᠤᠶᠢᠯᠠᠯ ᠳᠤ ᠤᠷᠤᠭᠤᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/20
   ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠠᠵᠢᠯ ᠤᠨ ᠲᠥᠰᠥᠯ ᠲᠣᠭᠲᠠᠭᠠᠨ ᠳᠠᠷᠤᠮᠠᠯᠯᠠᠨ ᠲᠠᠷᠬᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠳᠤ ᠪᠦᠲᠦᠮᠵᠢᠲᠡᠶ ᠠᠭᠤᠰᠤᠯᠴᠠᠭᠤᠯᠬᠤ ᠶᠢ ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠨᠳᠦᠰᠦᠲᠡᠨ ᠤ ᠠᠵᠢᠯ ᠤᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ 3 ᠲᠦᠷᠦᠯ ᠤᠨ ᠡᠬᠦᠷᠭᠡ ᠪᠠ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠪᠠ᠃    ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠪᠠ᠃ ᠰᠦᠯᠵᠢᠶᠡᠨ ᠳᠡᠭᠡᠷ᠎ᠡ ᠰᠢᠨ᠎ᠡ ᠵᠠᠭᠤᠴᠢᠯᠠᠭᠤᠷ ᠢ ᠠᠰᠢᠭᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠠᠵᠤ ᠠᠬᠤᠶᠢᠯᠠᠯᠲᠠᠨ ᠳᠤ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠣᠷᠣᠯᠴᠠᠭᠰᠠᠨ ᠬᠥᠮᠥᠨ ᠤ ᠲᠤᠭ᠎ᠠ 400 ᠬᠥᠮᠥᠨ ᠤᠳᠠᠭ᠎ᠠ ᠶᠢ ᠳᠠᠪᠠᠵᠠᠢ᠃ ᠰᠦᠯᠵᠢᠶᠡᠨ ᠭᠠᠳᠠᠨ᠎ᠠ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠳᠤ ᠭᠦᠨᠵᠡᠭᠡᠶᠢᠷᠡᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠲᠡ 500 ᠭᠠᠷᠤᠢ ᠤᠬᠠᠭᠤᠯᠭ᠎ᠠ ᠶᠢᠨ ᠬᠠᠭᠤᠳᠠᠰᠤ᠂ 100 ᠭᠠᠷᠤᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ 3 ᠤᠳᠠᠭ᠎ᠠ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠤᠨ ᠲᠤᠰᠬᠠᠢ ᠰᠡᠳᠦᠪᠲᠦ ᠰᠡᠳᠦᠪ ᠬᠠᠷᠢᠭᠤᠯᠬᠤ ᠠᠵᠢᠯᠯᠠᠭ᠎ᠠ ᠶᠢ 3 ᠤᠳᠠᠭ᠎ᠠ ᠥᠷᠨᠢᠭᠦᠯᠪᠡ᠃    ᠤᠨᠢᠨ ᠳᠡᠭᠡᠷ᠎ᠡ ᠨᠢ ᠵᠢᠯᠣᠭᠤᠳᠤᠨ ᠠᠬᠢᠭᠤᠯᠪᠠ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ 50 ᠭᠠᠷᠤᠢ ᠤᠳᠠᠭ᠎ᠠ ᠪᠠᠶᠢᠴᠠᠭᠠᠨ ᠰᠤᠳᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠪᠠ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠲᠠᠢ ᠠᠭᠤᠰᠤᠯᠴᠠᠨ  ᠠᠬᠢᠬᠤ ᠶᠢ ᠠᠬᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号