ᠣᠶᠢᠷ᠎ᠠ ᠶᠢᠨ ᠵᠢᠯ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽832 ᠲᠠᠪᠴᠠᠩ︾ ᠢ ᠠᠰᠢᠭᠯᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ | ᠰᠦᠯᠵᠢᠶᠡᠨ ᠳᠡᠭᠡᠷ᠎ᠡ ᠳᠡᠯᠭᠡᠨ ᠦᠵᠡᠭᠦᠯᠬᠦ᠂ ᠰᠦᠯᠵᠢᠶᠡᠨ ᠳᠡᠭᠡᠷ᠎ᠡ ᠠᠷᠠᠯᠵᠢᠶᠠᠯᠠᠬᠤ᠂ ᠡᠳ᠋ ᠪᠠᠷᠠᠭᠠᠨ ᠤ ᠭᠦᠢᠯᠭᠡᠭᠡ ᠶᠢ | ᠮᠥᠷᠳᠡᠬᠦ᠂ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ᠂ ᠪᠦᠲᠦᠭᠡᠭᠳᠡᠬᠦᠨ ᠢ ᠮᠥᠷᠳᠡᠬᠦ ᠨᠢᠭᠡ ᠥᠷᠲᠡᠭᠡᠨ ᠤ ᠮᠠᠶ᠋ᠢᠭ ᠢᠶᠠᠷ | ᠴᠤᠭᠯᠠᠷᠠᠭᠤᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠾᠧ ᠹᠧᠩ ᠠᠮᠤ ᠪᠤᠳᠠᠭ᠎ᠠ ᠬᠤᠳᠠᠯᠳᠤᠨ ᠠᠪᠬᠤ ᠪᠠ | ᠪᠣᠷᠣᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠠᠵᠢᠯᠴᠢᠳ ︽832︾ ᠪᠣᠷᠤᠯᠠᠭᠤᠯᠭ᠎ᠠ ᠶᠢᠨ | ᠲᠠᠪᠴᠠᠩ ᠢᠶᠠᠷ ᠳᠠᠮᠵᠢᠭᠤᠯᠤᠨ ᠬᠤᠳᠠᠯᠳᠤᠵᠤ ᠪᠠᠶᠢᠭ᠎ᠠ ᠲᠤᠲᠤᠷᠭ᠎ᠠ ᠶᠢ ᠭᠤᠸᠠᠩᠵᠧᠦ᠂ ᠪᠡᠭᠡᠵᠢᠩ᠂ ᠱᠧᠨᠵᠧᠨ ᠵᠡᠷᠭᠡ | ᠤᠯᠤᠰ ᠤᠨ ᠳᠣᠲᠣᠭᠠᠳᠤ ᠶᠢᠨ ᠡᠯ᠎ᠡ ᠲᠣᠮᠣ ᠬᠤᠳᠠ ᠳᠤ ᠲᠡᠭᠡᠭᠡᠪᠦᠷᠢᠯᠡᠵᠦ ᠪᠤᠢ᠃ | | ᠲᠤᠰ ᠺᠣᠮᠫᠠᠨᠢ ︽832︾ ᠪᠣᠷᠤᠯᠠᠭᠤᠯᠭ᠎ᠠ ᠶᠢᠨ ᠲᠠᠪᠴᠠᠩ ᠳᠤ ᠣᠷᠣᠭᠰᠠᠨ ᠤ ᠳᠠᠷᠠᠭ᠎ᠠ᠂ ᠵᠢᠯ ᠪᠦᠷᠢ ᠶᠢᠨ | ᠪᠣᠷᠤᠯᠠᠭᠤᠯᠭ᠎ᠠ ᠶᠢᠨ ᠬᠡᠮᠵᠢᠶ᠎ᠡ ᠨᠢ ᠴᠥᠮ 500 ᠲᠦᠮᠡᠨ ᠲᠦᠭᠦᠷᠢᠭ ᠣᠷᠴᠢᠮ ᠪᠠᠶᠢᠵᠤ᠂ ᠪᠣᠷᠤᠯᠠᠭᠤᠯᠭ᠎ᠠ ᠶᠢᠨ ᠵᠠᠮ | ᠨᠢ ︽832︾ ᠲᠠᠪᠴᠠᠩ ᠢᠶᠠᠷ ᠳᠡᠮᠵᠢᠨ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ ᠪᠠᠶᠢᠨ᠎ᠠ᠂ | ᠡᠭᠦᠨ ᠳᠤ ᠭᠤᠸᠠᠩᠵᠧᠦ᠂ ᠪᠡᠭᠡᠵᠢᠩ᠂ ᠱᠧᠨᠵᠧᠨ ᠵᠡᠷᠭᠡ ᠤᠯᠤᠰ ᠤᠨ ᠳᠣᠲᠣᠭᠠᠳᠤ ᠶᠢᠨ ᠡᠯ᠎ᠡ ᠲᠣᠮᠣ ᠬᠤᠲᠠ | ᠪᠠᠭᠲᠠᠨ᠎ᠠ᠂ ︽ᠺᠣᠮᠫᠠᠨᠢ + ᠬᠤᠷᠰᠢᠶ᠎ᠠ + ᠲᠠᠷᠢᠮᠠᠯ ᠤᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠤᠨ᠂ ᠣᠲᠣ | 25000 ᠮᠦ ᠪᠤᠬᠢᠷᠳᠤᠯ ᠦᠭᠡᠢ ᠤᠰᠤᠨ ᠲᠤᠲᠤᠷᠭ᠎ᠠ ᠳᠠᠷᠢᠵᠤ᠂ 1300 ᠭᠠᠷᠤᠢ ᠡᠷᠦᠬᠡ ᠣᠷᠣᠯᠠᠨ ᠠᠵᠢᠯᠯᠠᠬᠤ | ᠭᠡᠰᠢᠭᠦᠨ ᠲᠠᠢ ᠪᠣᠯᠵᠠᠢ᠂ ︽832︾ ᠲᠠᠪᠴᠠᠩ ᠢᠶᠠᠷ ᠳᠠᠮᠵᠢᠭᠤᠯᠤᠨ ᠪᠣᠷᠣᠯᠠᠭᠤᠯᠤᠭᠰᠠᠨ ᠤ ᠳᠠᠷᠠᠭ᠎ᠠ᠂ ᠵᠢᠯ ᠪᠦᠷᠢ | ᠡᠷᠦᠬᠡ ᠪᠦᠷᠢ ᠶᠢᠨ ᠣᠷᠣᠯᠭ᠎ᠠ ᠶᠢᠨ ᠨᠡᠮᠡᠭᠳᠡᠯ ᠨᠢ 3000 ᠲᠥᠭᠦᠷᠢᠭ ᠢ ᠳᠠᠪᠠᠪᠡ᠃ | ᠥᠪᠥᠷ ᠮᠣᠩᠭᠤᠯ ᠤᠨ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠵᠢᠯᠴᠢᠳ ᠬᠤᠷᠤᠳ᠂ ᠰᠦᠨ ᠲᠠᠯᠬ᠎ᠠ ᠵᠡᠷᠭᠡ ᠴᠠᠭᠠᠨ | ᠢᠳᠡᠭᠡᠨ ᠢᠶᠠᠨ ᠰᠠᠯᠭᠠᠨ ᠰᠠᠪᠠᠯᠠᠵᠤ ᠪᠠᠶᠢᠨ᠎ᠠ᠃ | | ᠲᠤᠰ ᠺᠤᠮᠫᠠᠨᠢ ᠥᠩᠭᠡᠷᠡᠭᠰᠡᠨ ᠳᠤ ︽ᠰᠦᠯᠵᠢᠶᠡᠨ ᠠᠴᠠ ᠭᠠᠳᠠᠭᠤᠷ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ︾ ᠪᠣᠷᠤᠯᠠᠭᠤᠯᠭ᠎ᠠ ᠶᠢᠨ ᠵᠠᠭᠪᠤᠷ ᠢ ᠬᠡᠷᠡᠭᠯᠡᠵᠦ ᠪᠠᠶᠢᠪᠠ᠂ 2023 ᠣᠨ ᠤ 3 ᠰᠠᠷ᠎ᠠ ᠳᠤ ︽832︾ | ᠲᠠᠪᠴᠠᠩ ᠳᠤ ᠣᠷᠣᠭᠰᠠᠨ ᠤ ᠳᠠᠷᠠᠭ᠎ᠠ᠂ ᠵᠠᠬᠢᠶᠠᠯᠠᠭ᠎ᠠ ᠶᠢᠨ ᠲᠤᠭ᠎ᠠ ᠰᠠᠷ᠎ᠠ ᠪᠦᠷᠢ ᠨᠡᠮᠡᠭᠳᠡᠵᠦ᠂ ᠵᠢᠯ ᠤᠨ ᠡᠴᠦᠰ | ᠪᠣᠯᠬᠤ ᠳᠤ ᠵᠠᠭᠤᠨ ᠤ ᠵᠢᠷᠠ ᠪᠠᠷ ᠨᠡᠮᠡᠭᠳᠡᠵᠦ᠂ ᠪᠣᠷᠤᠯᠠᠭᠤᠯᠭ᠎ᠠ ᠶᠢᠨ ᠲᠤᠭ᠎ᠠ ᠨᠢ ᠨᠢᠳᠤᠨᠤᠨ ᠤ ᠬᠢ ᠲᠠᠢ | ᠬᠠᠷᠢᠴᠠᠭᠤᠯᠪᠠᠯ ᠵᠠᠭᠤᠨ ᠤ ᠲᠠᠪᠢ ᠪᠠᠷ ᠨᠡᠮᠡᠭᠳᠡᠡᠪᠡ᠃ | ᠣᠶᠢᠯᠠᠭᠠᠭᠰᠠᠨ ᠢᠶᠠᠷ᠂ ︽832 ᠲᠠᠪᠴᠠᠩ︾ ᠪᠣᠯ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠪᠥᠬᠦ ᠳᠤᠮᠳᠠᠳᠤ ᠶᠢᠨ ᠬᠠᠩᠭᠠᠨ ᠪᠣᠷᠣᠯᠠᠭᠤᠯᠬᠤ ᠶᠡᠷᠦᠩᠬᠡᠢ | ᠬᠤᠷᠰᠢᠶ᠎ᠠ ᠶᠢᠨ ᠬᠠᠮᠲᠤ ᠪᠠᠷ ᠪᠠᠶᠢᠭᠤᠯᠤᠭᠰᠠᠨ ᠪᠠ ᠡᠵᠡᠩᠨᠡᠭᠰᠡᠨ᠂ ︽ᠠᠷᠠᠯᠵᠢᠶᠠᠯᠠᠬᠤ᠂ ᠦᠢᠯᠡᠴᠢᠯᠡᠬᠦ᠂ ᠬᠢᠨᠠᠨ | ᠬᠠᠮᠢᠶᠠᠷᠬᠤ︾ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠦᠯᠵᠢᠶᠡᠨ ᠤ ᠪᠣᠷᠤᠯᠠᠭᠤᠯᠭ᠎ᠠ ᠶᠢᠨ ᠲᠠᠪᠴᠠᠩ | ᠪᠣᠯᠣᠨ᠎ᠠ᠃ ᠲᠣᠰ ᠲᠠᠪᠴᠠᠩ ᠢ ᠰᠦᠯᠵᠢᠶᠡᠨ ᠳᠤ ᠭᠠᠷᠤᠭᠰᠠᠨ ᠠᠴᠠ ᠨᠠᠰᠢ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠠᠵᠤ ᠠᠬᠤᠶᠢᠯᠠᠯ ᠤᠨ ᠲᠠᠪᠴᠠᠩ ᠢ ᠳᠠᠩᠰᠠᠯᠠᠬᠤ᠂ ᠣᠷᠣᠵᠤ | ᠰᠠᠭᠤᠬᠤ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ᠂ ᠦᠢᠯᠡᠳᠬᠦᠨ ᠢ ᠰᠦᠯᠵᠢᠶᠡᠨ ᠳᠤ ᠣᠷᠣᠭᠤᠯᠬᠤ ᠵᠡᠷᠭᠡ | ᠰᠢᠷᠢᠰ ᠠᠵᠢᠯ ᠢ ᠢᠳᠡᠪᠬᠢᠲᠡᠢ ᠪᠡᠶᠡᠯᠡᠭᠦᠯᠬᠦ ᠶᠢᠨ ᠬᠠᠮᠲᠤ ᠲᠥᠰᠥᠪ ᠤᠨ ᠨᠢᠭᠡᠴᠡ ᠶᠢᠨ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠬᠤᠳᠠᠯᠳᠤᠨ | ᠠᠪᠬᠤ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠪᠡ᠃ | | ︽2020 ᠣᠨ ᠤ 9 ᠰᠠᠷ᠎ᠠ ᠳᠤ ︿832 ᠲᠠᠪᠴᠠᠩ﹀ ᠪᠠᠶᠢᠭᠤᠯᠤᠭᠳᠠᠭᠰᠠᠨ ᠠᠴᠠ ᠨᠠᠰᠢ᠂ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠵᠠᠰᠠᠭ ᠤᠨ ᠣᠷᠳᠣᠨ ᠤ | ᠬᠤᠳᠠᠯᠳᠤᠨ ᠠᠪᠬᠤ ᠠᠯᠪᠠᠨ ᠭᠡᠷ ᠨᠢ ᠨᠢᠭᠡ ᠲᠠᠯ᠎ᠠ ᠪᠠᠷ ᠦᠨᠡᠨᠴᠢ ᠢᠲᠡᠭᠡᠮᠵᠢᠲᠡᠢ᠂ ᠦᠢᠯᠡᠳᠬᠦᠨ ᠤ ᠶᠠᠰᠤ | ᠴᠢᠨᠠᠷ ᠢᠶᠠᠷ ᠰᠠᠶᠢᠨ᠂ ᠶᠠᠳᠠᠭᠤ ᠶᠢ ᠳᠠᠶᠢᠴᠢᠯᠠᠬᠤ ᠴᠢᠳᠠᠪᠤᠷᠢ ᠪᠠᠷ ᠰᠠᠶᠢᠨ ᠠᠵᠤ ᠠᠬᠤᠶᠢᠯᠠᠯ ᠪᠣᠯᠣᠨ ᠭᠡᠷ ᠪᠦᠯᠢ ᠶᠢᠨ | ᠮᠠᠯᠵᠢᠯ ᠤᠨ ᠲᠠᠯᠠᠪᠠᠶ ᠪᠣᠯᠣᠨ ᠲᠤᠰᠬᠠᠢ ᠬᠤᠷᠰᠢᠶᠠᠵᠢᠯ ᠤᠨ ︽832 ᠲᠠᠪᠴᠠᠩ︾ ᠳᠤ ᠣᠷᠣᠬᠤ ᠶᠢ ᠵᠢᠯᠤᠭᠤᠳᠴᠤ᠂ | ᠨᠥᠭᠦᠭᠡ ᠲᠠᠯ᠎ᠠ ᠪᠠᠷ ᠬᠤᠭᠤᠯᠠᠨ ᠭᠡᠷ ᠲᠠᠢ ᠨᠡᠶᠢᠲᠡ ᠶᠢᠨ ᠰᠠᠭᠤᠴᠠ ᠲᠠᠢ ᠲᠥᠰᠥᠪ ᠤᠨ ᠨᠢᠭᠡᠴᠡ ᠶᠢᠨ ︽832 | ᠲᠠᠪᠴᠠᠩ︾ ᠳᠡᠭᠡᠷ᠎ᠡ ᠬᠤᠪᠢ ᠶᠢᠨ ᠲᠤᠭ᠎ᠠ ᠶᠢ ᠤᠷᠢᠳᠴᠢᠯᠠᠨ ᠦᠯᠡᠳᠡᠭᠡᠵᠦ᠂ ᠬᠤᠪᠢ ᠶᠢᠨ ᠲᠤᠭ᠎ᠠ ᠶᠢ | ᠤᠷᠢᠳᠴᠢᠯᠠᠨ ᠦᠯᠡᠳᠡᠭᠡᠬᠦ ᠬᠠᠷᠢᠴᠠᠯ ᠢ 10% ᠣᠷᠴᠢᠮ ᠪᠠᠶᠢᠯᠭᠠᠬᠤ ᠶᠢ ᠵᠣᠷᠢᠭᠵᠢᠭᠤᠯᠪᠡ᠃ | | ᠣᠲᠣ ᠪᠣᠯᠲᠠᠯ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽832︾ ᠲᠠᠪᠴᠠᠩ ᠳᠤ 34 ᠠᠵᠤ | ᠠᠬᠤᠶᠢᠯᠠᠯ ᠢ ᠤᠷᠤᠭᠤᠯᠵᠤ᠂ 2500 ᠰᠢᠬᠠᠮ ᠵᠦᠢᠯ ᠤᠨ ᠬᠤᠳᠠᠯᠳᠤᠭᠠᠨ ᠤ ᠦᠢᠯᠡᠳᠬᠦᠨ ᠭᠠᠷᠭᠠᠵᠤ᠂ ᠲᠤᠲᠤᠷᠭ᠎ᠠ | ᠂ ᠴᠠᠭᠠᠨ ᠢᠳᠡᠭᠡ᠂ ᠮᠢᠬᠠᠨ ᠤ ᠵᠦᠢᠯ ᠤᠨ ᠦᠢᠯᠡᠳᠬᠦᠨ ᠵᠡᠷᠭᠡ ᠡᠯ᠎ᠡ ᠲᠥᠷᠥᠯ ᠤᠨ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠢ ᠬᠠᠮᠤᠷᠴᠤ᠂ 2023 ᠣᠨ ᠤ ᠡᠴᠦᠰ ᠪᠣᠯᠬᠤ ᠳᠤ ᠪᠣᠷᠤᠯᠠᠭᠤᠯᠭ᠎ᠠ ᠶᠢᠨ ᠬᠡᠮᠵᠢᠶ᠎ᠡ ᠨᠢ | 1.8 ᠳ᠋ᠦᠩᠰᠢᠭᠤᠷ ᠲᠥᠭᠦᠷᠢᠭ ᠣᠷᠴᠢᠮ ᠭᠦᠷᠦᠭᠰᠡᠨ ᠪᠠᠶᠢᠨ᠎ᠠ᠃ | | |