ᠰᠢᠶᠧ ᠴᠦᠨ ᠾᠧ ᠰᠠᠭᠤᠷᠢᠰᠢᠭᠰᠠᠨ ᠲᠦᠷᠦᠯ ᠵᠦᠢᠯ ᠤᠨ ᠪᠠᠲᠤᠯᠠᠪᠤᠷᠢ ᠶᠢᠨ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/25
   3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠰᠠᠭᠤᠷᠢᠰᠢᠭᠰᠠᠨ ᠲᠥᠷᠥᠯ ᠵᠦᠢᠯ ᠤᠨ ᠪᠠᠲᠤᠯᠠᠭ᠎ᠠ ᠶᠢᠨ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠷᠥᠯ ᠵᠦᠢᠯ ᠤᠨ ᠬᠠᠮᠢᠶ᠎ᠠ ᠪᠦᠬᠦᠢ ᠪᠠᠶᠢᠳᠠᠯ ᠢ ᠣᠶᠢᠯᠠᠭᠠᠨ᠂ ᠲᠥᠷᠥᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠤᠰᠢᠭᠤᠨ ᠤ ᠤᠳᠤᠷᠢᠳᠤᠯᠭ᠎ᠠ ᠲᠦᠩ ᠭᠦᠸᠧ ᠪᠢᠶᠣᠣ ᠪᠣᠯᠣᠨ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ᠃
 
   ᠰᠢᠶᠧ ᠴᠦᠨ ᠾᠧ ᠴᠢᠬᠤᠯᠠᠴᠢᠯᠠᠬᠤ ᠳᠠᠭᠠᠨ᠂ ︽ᠲᠥᠷᠥᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠣᠳᠠᠲᠠᠶᠢᠵᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠯ᠎ᠡ ᠲᠦᠷᠦᠯ ᠵᠦᠢᠯ ᠤᠨ ᠨᠢᠭᠡᠴᠡ ᠶᠢᠨ ᠬᠢᠨ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ︽ᠴᠠᠭ ᠤᠨ ᠬᠦᠰᠦᠨᠦᠭᠲᠦ︾᠂ ︽ᠵᠠᠮ ᠱᠤᠭᠤᠮ ᠤᠨ ᠵᠢᠷᠤᠭ︾ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠲᠠᠶᠢᠯᠠᠯᠳᠤᠭᠠᠨ ᠬᠢᠵᠦ᠂ ᠲᠦᠷᠦᠯ ᠵᠦᠢᠯ ᠢ ᠡᠷᠲᠡ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ᠂ ᠡᠷᠲᠡ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠥᠷᠥᠯ ᠵᠦᠢᠯ ᠤᠨ ᠠᠯᠪᠠᠨ ᠭᠡᠷ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠥᠷᠥᠯ ᠵᠦᠢᠯ ᠳᠤ ᠲᠣᠳᠣᠷᠬᠠᠢ ᠬᠠᠭᠤᠳᠠᠰᠤᠵᠢᠭᠤᠯᠬᠤ᠂ ᠵᠠᠩᠭᠢᠶᠠᠰᠤᠵᠢᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠮᠥᠷᠳᠡᠯᠲᠡ ᠶᠢᠨ ᠦᠢᠯᠡᠴᠢᠯᠡᠭᠡ ᠶᠢ ᠴᠢᠩᠭᠠᠳᠬᠠᠨ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠬᠠᠮᠢᠶᠠᠷᠤᠭᠴᠢ᠂ ᠠᠵᠤ ᠠᠬᠤᠶᠢᠯᠠᠯ ᠤᠨ ᠨᠠᠷᠢᠨ ᠪᠢᠴᠢᠭᠡᠴᠢ ᠨᠢ ᠢᠮᠠᠭᠲᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠡᠮᠦᠨᠡᠰᠢ ᠪᠠᠨ ᠦᠢᠯᠡᠴᠢᠯᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠢᠳᠡᠪᠬᠢᠲᠡᠢ ᠪᠠᠷ ᠰᠢᠢᠳᠪᠦᠷᠢᠯᠡᠵᠦ᠂ ᠲᠦᠭᠵᠢᠷᠡᠯ ᠢ ᠰᠢᠯᠤᠭᠤᠳᠬᠠᠵᠤ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠴᠤᠪᠤᠷᠠᠯ ᠢ ᠳᠠᠬᠢᠨ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠬᠤᠷᠳᠤᠴᠠ ᠶᠢ ᠳᠠᠬᠢᠨ ᠲᠦᠷᠭᠡᠳᠬᠡᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠵᠦ᠂ ᠲᠥᠷᠥᠯ ᠵᠦᠢᠯ ᠤᠨ ︽ᠬᠤᠷᠳᠤᠴᠠ ᠶᠢ ᠨᠡᠮᠡᠭᠳᠡᠭᠦᠯᠬᠦ︾ ᠶᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠤᠰᠤ ᠴᠠᠬᠢᠯᠭᠠᠨ ᠬᠡᠷᠡᠭᠯᠡᠬᠦ ᠠᠵᠢᠯᠴᠢᠨ ᠬᠡᠷᠡᠭᠯᠡᠬᠦ ᠵᠡᠷᠭᠡ ᠴᠢᠬᠤᠯᠠ ᠡᠯᠧᠮᠧᠨ᠋ᠲ ᠤᠨ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠶᠡᠭᠡ ᠳᠡᠮᠵᠢᠯᠭᠡ ᠬᠠᠩᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号